ᠬᠤᠩ ᠴᠢ ᠪᠠᠯᠭᠠᠰᠤ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠤᠨ ᠠᠵᠢᠯ ᠤᠨ ᠬᠤᠷᠠᠯ ᠬᠢᠭᠰᠡᠨ
ᠨᠡᠶᠢᠲᠡᠯᠡᠭᠰᠡᠨ ᠴᠠᠭ᠄
2025/5/19
   ᠰᠤᠷᠲᠠᠯ ᠤᠨ ᠪᠠᠶᠢᠭᠤᠯᠤᠯᠲᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢᠨ ᠲᠥᠯᠥᠭᠡ᠂ 5 ᠰᠠᠷ᠎ᠠ ᠶᠢᠨ 15 ᠤ ᠡᠳᠦᠷ ᠬᠤᠩ ᠴᠢ ᠪᠠᠯᠭᠠᠰᠤ ᠨᠢ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠤᠨ ᠠᠵᠢᠯ ᠤᠨ ᠬᠤᠷᠠᠯ ᠬᠤᠷᠠᠯᠳᠤᠭᠤᠯᠵᠤ᠂ ᠨᠠᠮ ᠤᠨ ᠬᠤᠷᠢᠶᠠᠨ ᠤ ᠳᠡᠳ᠋ ᠱᠦᠵᠢ ᠾᠧ ᠭᠤᠸᠠᠨ ᠬᠤᠸᠠ ᠬᠤᠷᠠᠯ ᠢ ᠡᠷᠬᠢᠯᠡᠨ᠂ ᠡᠯ᠎ᠡ ᠲᠣᠰᠬᠤᠨ ᠤ ᠨᠠᠮ ᠤᠨ ᠡᠬᠦᠷ ᠤᠨ ᠱᠦᠵᠢ ᠬᠤᠷᠠᠯ ᠳᠤ ᠣᠷᠣᠯᠴᠠᠵᠠᠶ᠃ ᠬᠤᠷᠠᠯ ᠠᠴᠠ᠂  ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠨᠠᠷᠢᠨ ᠣᠶᠢᠯᠠᠭᠠᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ  ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠤᠨ ᠲᠤᠬᠠᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠪᠣᠯᠤᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠬᠤ ᠬᠡᠷᠡᠭᠲᠡᠢ᠃ ᠨᠢᠭᠡ ᠳᠤ ᠠᠰᠠᠭᠤᠳᠠᠯ ᠢ ᠭᠦᠨᠵᠡᠭᠡᠶ ᠪᠠᠶᠢᠴᠠᠭᠠᠨ ᠳᠡᠯᠭᠡᠵᠦ᠂ ᠡᠯ᠎ᠡ ᠲᠣᠰᠬᠤᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠲᠣᠰ ᠪᠡᠶ᠎ᠡ ᠳᠤ ᠣᠷᠣᠰᠢᠵᠤ ᠪᠠᠶᠢᠭ᠎ᠠ ᠠᠰᠠᠭᠤᠳᠠᠯ ᠢᠶᠠᠨ ᠭᠦᠨᠵᠡᠭᠡᠶ ᠪᠠᠶᠢᠴᠠᠭᠠᠨ ᠳᠡᠯᠭᠡᠬᠦ ᠬᠡᠷᠡᠭᠲᠡᠶ᠃  ᠬᠤᠶᠠᠷ ᠲᠤ ᠰᠡᠷᠡᠮᠵᠢᠯᠡᠭᠦᠯᠬᠦ ᠬᠥᠮᠦᠵᠢᠯ ᠢ ᠯᠠᠪᠳᠠᠭᠤᠨ ᠪᠠᠲᠤᠲᠠᠶ ᠦᠷᠨᠢᠬᠦᠯᠦᠨ᠂ ᠲᠣᠪᠤᠶᠢᠮ᠎ᠠ ᠠᠰᠠᠭᠤᠳᠠᠯ ᠢ ᠲᠥᠪᠯᠡᠷᠡᠭᠦᠯᠦᠨ ᠴᠡᠭᠴᠡᠯᠡᠬᠦ ᠠᠵᠢᠯ ᠢ ᠯᠠᠪᠳᠠᠭᠤᠨ ᠪᠠᠲᠤᠲᠠᠶ ᠠᠬᠢᠭᠤᠯᠵᠤ᠂  ᠣᠯᠠᠨ ᠲᠦᠮᠡᠨ ᠤ ᠰᠤᠷᠤᠯᠴᠠᠯᠭ᠎ᠠ ᠬᠥᠮᠦᠵᠢᠯ ᠳᠤ ᠣᠷᠣᠯᠴᠠᠬᠤ ᠶᠢ  ᠴᠢᠬᠤᠯᠠᠴᠢᠯᠠᠨ᠂ ᠣᠯᠠᠨ ᠲᠦᠮᠡᠨ ᠤ ᠬᠢᠨᠠᠯᠲᠠ ᠶᠢ ᠬᠦᠯᠢᠶᠡᠵᠦ᠂ ᠰᠤᠷᠤᠯᠴᠠᠯᠭ᠎ᠠ ᠬᠥᠮᠦᠵᠢᠯ ᠤᠨ ᠦᠷ᠎ᠡ ᠪᠦᠳᠦᠮᠵᠢ ᠶᠢ ᠣᠯᠠᠨ ᠲᠦᠮᠡᠨ ᠳᠤ ᠬᠠᠷᠠᠭᠤᠯᠬᠤ ᠭᠡᠷᠡᠭᠳᠡᠢ᠃ ᠭᠤᠷᠪᠠ ᠳᠤ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ  ᠴᠢᠩᠭᠠᠳᠬᠠᠨ᠂ ᠬᠠᠷᠠᠯᠲᠠ ᠡᠭᠦᠷᠭᠡ ᠪᠠᠨ ᠣᠨᠣᠪᠴᠢᠲᠠᠶ ᠡᠵᠡᠮᠳᠡᠵᠦ᠂ ᠨᠠᠷᠢᠨ ᠨᠢᠮᠪᠠᠶ ᠵᠣᠬᠢᠶᠠᠨ ᠪᠠᠶᠢᠭᠤᠯᠵᠤ ᠭᠡᠷᠡᠭᠵᠢᠬᠦᠯᠦᠨ᠂  ᠰᠤᠷᠤᠯᠴᠠᠬᠤ ᠪᠠᠶᠢᠴᠠᠭᠠᠬᠤ ᠴᠡᠭᠴᠡᠯᠡᠬᠦ ᠶᠢ ᠨᠢᠭᠡ ᠴᠤᠭᠴᠠᠵᠢᠭᠤᠯᠤᠨ ᠠᠬᠢᠭᠤᠯᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭᠠᠨ ᠤ ᠰᠤᠷᠤᠯᠴᠠᠯᠭ᠎ᠠ ᠬᠥᠮᠦᠵᠢᠯ ᠤᠨ ᠲᠠᠰᠤᠷᠠᠯᠲᠠ ᠥᠬᠡᠶ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠬᠤ ᠬᠡᠷᠡᠭᠲᠡᠶ  ᠬᠡᠵᠦ ᠴᠢᠬᠤᠯᠴᠢᠯᠠᠪᠠ᠃  
 
ᠢᠷᠡᠯᠲᠡ᠄ ᠬᠤᠩ ᠴᠢ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号