5 ᠰᠠᠷ᠎ᠠ ᠶᠢᠨ 16 ᠤ ᠡᠳᠦᠷ᠂ ᠯᠦᠸᠧ ᠲᠦᠸᠧ ᠱᠠᠨ ᠪᠠᠯᠭᠠᠰᠤᠨ ᠤ ᠨᠠᠮ ᠤᠨ ᠬᠤᠷᠢᠶᠠᠨ ᠤ ᠤᠨᠤᠯ | ᠰᠤᠷᠤᠯᠴᠠᠬᠤ ᠭᠤᠣᠯ ᠳᠤᠭᠤᠶᠢᠯᠠᠩ ᠨᠢ 2025 ᠤᠨ ᠤ ᠲᠠᠪᠤᠳᠤᠭᠠᠷ ᠤᠳᠠᠭᠠᠨ ᠤ ᠲᠥᠪᠯᠡᠷᠡᠨ ᠰᠤᠷᠤᠯᠴᠠᠬᠤ | ᠬᠤᠷᠠᠯ ᠬᠤᠷᠠᠯᠳᠤᠭᠤᠯᠵᠤ᠂ ᠨᠠᠮ ᠤᠨ ᠬᠤᠷᠢᠶᠠᠨ ᠤ ᠱᠦᠵᠢ ᠰᠢᠨ ᠷᠦᠨ ᠵᠢᠶᠠᠩ ᠬᠤᠷᠠᠯ ᠢ ᠡᠷᠬᠢᠯᠡᠨ᠂ | ᠪᠠᠯᠭᠠᠰᠤᠨ ᠤ ᠤᠳᠤᠷᠢᠳᠬᠤ ᠪᠠᠭ ᠤᠨ ᠭᠡᠰᠢᠭᠦᠳ ᠬᠤᠷᠠᠯ ᠳᠤ ᠣᠷᠣᠯᠴᠠᠪᠠ᠃ ᠬᠤᠷᠠᠯ ᠳᠡᠭᠡᠷ᠎ᠡ᠂ ᠨᠠᠮ ᠤᠨ ᠲᠥᠪ | ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠬᠤᠷᠠᠯ ᠲᠡᠭᠡᠷᠡᠬᠢ ᠶᠡᠷᠦᠩᠬᠡᠶ ᠱᠦᠵᠢ ᠰᠢ ᠶᠢᠨ ᠫᠢᠩ ᠤᠨ | ᠴᠢᠬᠤᠯᠠ ᠶᠠᠷᠢᠶᠠᠨ ᠤ ᠵᠣᠷᠢᠭ ᠰᠠᠨᠠᠭ᠎ᠠ ︵ᠣᠳᠣᠬᠠᠨ ᠤ ᠠᠵᠤ ᠠᠬᠤᠶ ᠶᠢᠨ ᠪᠠᠶᠢᠳᠠᠯ ᠪᠠ ᠠᠵᠤ ᠠᠬᠤᠶ ᠶᠢᠨ ᠠᠵᠢᠯ | ᠤᠨ ᠲᠤᠬᠠᠢ ᠵᠠᠳᠠᠯᠤᠯᠳᠠ︶ ᠂ ︽ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢᠬᠢ ᠲᠥᠪ ᠤᠨ | ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠭᠰᠠᠨ ᠠᠮᠵᠢᠯᠳᠠ ᠪᠠ ᠲᠤᠷᠰᠢᠯᠭ᠎ᠠ︾ ︽ | ᠬᠥᠳᠡᠭᠡ ᠲᠣᠰᠬᠤᠨ ᠤ ᠦᠨᠳᠦᠰᠦᠨ ᠱᠠᠲᠤᠨ ᠤ ᠺᠠᠳ᠋ᠷᠴᠤᠳ ᠤᠨ ᠠᠷᠢᠭᠤᠨ ᠴᠢᠬᠡᠴᠢ ᠪᠠᠷ ᠡᠭᠦᠷᠭᠡ | ᠬᠠᠷᠢᠭᠤᠴᠠᠯᠭ᠎ᠠ ᠪᠠᠨ ᠬᠦᠢᠴᠡᠳᠭᠡᠬᠦ ᠲᠤᠬᠠᠶ ᠲᠣᠭᠲᠠᠭᠠᠯ︾ ︽ᠶᠡᠷᠦᠩᠬᠡᠶ ᠱᠦᠵᠢ ᠰᠢ ᠶᠢᠨ ᠫᠢᠩ ᠤᠨ | ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠰᠤᠷᠤᠯᠴᠠᠬᠤ | ᠤᠩᠰᠢᠬᠤ ᠪᠢᠴᠢᠭ︾ ᠵᠡᠷᠭᠡ ᠠᠭᠤᠯᠭ᠎ᠠ ᠶᠢ ᠤᠯᠠᠮᠵᠢᠯᠠᠨ ᠰᠤᠷᠤᠯᠴᠠᠵᠠᠢ᠃ ᠬᠤᠷᠠᠯ ᠠᠴᠠ᠂ ᠨᠠᠮ ᠤᠨ ᠰᠤᠷᠲᠠᠯ ᠤᠨ | ᠪᠠᠶᠢᠭᠤᠯᠤᠯᠲᠠ ᠶᠢ ᠴᠢᠩᠭᠠᠳᠬᠠᠬᠤ ᠲᠤᠬᠠᠶ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠥᠭᠦᠯᠡᠯᠲᠡ ᠪᠣᠯᠤᠨ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢᠬᠢ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ | ᠭᠦᠨᠵᠡᠭᠡᠶ ᠲᠤᠤᠱᠯᠠᠭᠤᠯᠤᠨ ᠠᠮᠵᠢᠯᠳᠠ ᠪᠦᠲᠦᠮᠵᠢ ᠶᠢ ᠭᠦᠨᠵᠡᠭᠡᠶ ᠣᠶᠢᠯᠠᠭᠠᠵᠤ᠂ ᠯᠦᠸᠧ ᠲᠦᠸᠧ ᠱᠠᠨ | ᠪᠠᠯᠭᠠᠰᠤᠨ ᠤ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠬᠦ ᠳᠤ ᠪᠠᠲᠤ ᠴᠢᠩᠭ᠎ᠠ ᠰᠤᠷᠲᠠᠯ ᠤᠨ ᠪᠠᠲᠤᠯᠠᠭ᠎ᠠ | ᠬᠠᠩᠭᠠᠬᠠᠤ ᠭᠡᠷᠡᠭᠳᠡᠢ ᠃ ᠰᠤᠷᠤᠯᠴᠠᠯᠭ᠎ᠠ ᠬᠥᠮᠦᠵᠢᠯ ᠤᠨ ᠬᠠᠷᠠᠯᠳᠠ ᠡᠭᠦᠷᠭᠡ ᠶᠢ ᠣᠨᠣᠪᠴᠢᠲᠠᠢ ᠡᠵᠡᠮᠳᠡᠨ᠂ | ᠠᠰᠠᠭᠤᠳᠠᠯ ᠢ ᠣᠨᠣᠪᠴᠢᠲᠠᠢ ᠡᠷᠢᠵᠦ᠂ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠳᠤᠷ ᠨᠠᠶᠢᠳᠠᠪᠤᠷᠢᠵᠢᠭᠤᠯᠤᠨ᠂ | ᠪᠠᠶᠢᠩᠭᠤ ᠪᠠ ᠤᠷᠳᠤ᠂ ᠴᠢᠩᠭ᠎ᠠ ᠪᠠ ᠪᠣᠳᠠᠲᠠᠢ᠂ ᠭᠦᠨᠵᠡᠭᠡᠢ ᠪᠠ ᠨᠠᠷᠢᠯᠢᠭ ᠪᠠᠶᠢᠯᠭᠠᠬᠤ ᠳᠡᠭᠡᠷ᠎ᠡ ᠬᠦᠴᠦ ᠲᠠᠯᠪᠢᠵᠤ᠂ | ᠤᠯᠠᠨ ᠲᠦᠮᠡᠨ ᠳᠤ ᠦᠢᠯᠡᠴᠢᠯᠡᠬᠦ ︽ᠬᠦᠨᠳᠦ ᠡᠬᠦᠷᠭᠡ︾ ᠶᠢ ᠨᠡᠩ ᠰᠠᠶᠢᠨ ᠡᠭᠦᠷᠭᠡᠯᠡᠬᠦ ᠬᠡᠷᠡᠭᠲᠡᠢ᠃ ᠵᠢᠱᠢᠶ᠎ᠡ | ᠦᠵᠡᠬᠦᠯᠵᠦ ᠬᠥᠲᠥᠯᠥᠨ ᠳᠠᠭᠠᠭᠤᠯᠬᠤ ᠶᠢ ᠤᠯᠠᠮ ᠭᠦᠨᠵᠡᠭᠡᠶᠢᠷᠡᠭᠦᠯᠵᠦ᠂ ᠴᠡᠪᠡᠷ ᠴᠢᠭᠡᠴᠢ ᠰᠠᠶᠢᠨ ᠰᠠᠶᠢᠬᠠᠨ ᠬᠡᠪ | ᠰᠤᠷᠲᠠᠯ ᠢ ᠪᠣᠶ ᠪᠣᠯᠭᠠᠵᠤ᠂ ᠠᠵᠤ ᠦᠢᠯᠡᠰ ᠤᠨ ᠬᠥᠭᠵᠢᠯᠲᠡ᠂ ᠲᠥᠷᠥᠯ ᠵᠦᠢᠯ ᠤᠨ ᠪᠠᠶᠢᠭᠤᠯᠤᠯᠲᠠ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠷᠠᠳ ᠤᠨ ᠠᠮᠢᠳᠤᠷᠠᠯ ᠢ ᠪᠠᠳᠤᠯᠠᠨ ᠰᠠᠶᠢᠵᠢᠷᠠᠭᠤᠯᠬᠤ ᠵᠡᠷᠭᠡ | ᠣᠳᠣᠬᠠᠨ ᠤ ᠭᠤᠤᠯᠳᠠᠯᠭ᠎ᠠ ᠲᠠᠢ ᠠᠵᠢᠯ ᠢ ᠰᠠᠶᠢᠲᠤᠷ ᠠᠳᠬᠤᠨ᠂ ᠰᠤᠷᠤᠯᠴᠠᠯᠭ᠎ᠠ ᠬᠥᠮᠦᠵᠢᠯ ᠤᠨ ᠦᠷ᠎ᠡ | ᠪᠦᠳᠦᠮᠵᠢ ᠶᠢ ᠬᠥᠭᠵᠢᠯᠲᠡ ᠶᠢ ᠠᠬᠢᠭᠤᠯᠬᠤ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠬᠤ ᠬᠡᠷᠡᠭᠲᠡᠶ ᠬᠡᠵᠦ | ᠴᠢᠬᠤᠯᠠᠴᠢᠯᠠᠭᠰᠠᠨ ᠪᠠᠶᠢᠨ᠎ᠠ᠃ |