ᠠᠶᠢᠮᠠᠭ ᠤᠨ ᠪᠠᠶᠢᠴᠠᠭᠠᠬᠤ ᠲᠤᠭᠤᠶᠢᠯᠠᠩ ᠲᠠᠶᠢᠹᠤᠰᠧ ᠬᠤᠰᠢᠭᠤᠨ ᠳᠤ ᠬᠦᠨᠵᠡᠬᠡᠶᠢᠷᠡᠵᠦ ᠦᠶᠡᠷ ᠠᠴᠠ ᠰᠡᠷᠭᠡᠶᠢᠯᠡᠬᠦ ᠠᠵᠢᠯ ᠢ ᠪᠠᠶᠢᠴᠠᠭᠠᠨ ᠵᠢᠯᠤᠭᠤᠳᠤᠭᠰᠠᠨ
ᠨᠡᠶᠢᠲᠡᠯᠡᠭᠰᠡᠨ ᠴᠠᠭ᠄
2025/5/21
  5 ᠰᠠᠷ᠎ᠠ ᠶᠢᠨ 19 ᠤ ᠡᠳᠦᠷ᠂ ᠠᠶᠢᠮᠠᠭ ᠤᠨ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ  ᠤᠨ ᠪᠠᠶᠢᠴᠠᠭᠠᠬᠤ ᠳᠤᠭᠤᠶᠢᠯᠠᠩ ᠲᠠᠶᠢᠹᠤᠰᠧ ᠬᠤᠰᠢᠭᠤᠨ ᠤ ᠪᠤᠤᠴᠠᠩ ᠰᠣᠶᠣᠯ ᠤᠨ ᠴᠡᠴᠡᠷᠯᠢᠭ᠂  ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠤᠨ ᠬᠥᠮᠥᠷᠭᠡ᠂  ᠯᠦᠸᠧ ᠲᠦᠸᠧ ᠱᠠᠨ ᠪᠠᠯᠭᠠᠰᠤᠨ ᠤ ᠨᠠᠨ ᠯᠢᠶᠠᠩ ᠲᠣᠰᠬᠤᠨ᠂ ᠭᠤᠸᠠᠨ ᠮᠠ ᠭᠸᠦ ᠲᠣᠰᠬᠤᠨ᠂ ᠵᠥᠩ ᠾᠧ ᠲᠤᠰᠬᠤᠨ ᠳᠤ ᠬᠦᠨᠵᠡᠬᠡᠶᠢᠷᠡᠵᠦ ᠦᠶᠡᠷ ᠠᠴᠠ ᠰᠡᠷᠭᠡᠶᠢᠯᠡᠬᠦ ᠠᠵᠢᠯ ᠢ ᠪᠠᠶᠢᠴᠠᠭᠠᠨ ᠵᠢᠯᠤᠭᠤᠳᠴᠠᠢ᠃ ᠪᠠᠶᠢᠴᠠᠭᠠᠬᠤ ᠳᠤᠭᠤᠶᠢᠯᠠᠩ ᠠᠴᠠ᠂ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠤᠨ ᠨᠠᠷᠢᠨ ᠪᠤᠳᠤᠯᠢᠶᠠᠨᠲᠠᠶ ᠪᠠᠶᠢᠳᠠᠯ ᠢ ᠭᠦᠢᠴᠡᠳ ᠲᠠᠨᠢᠵᠤ᠂ ᠭᠤᠤᠯᠳᠠᠯᠭ᠎ᠠ ᠲᠠᠢ ᠦᠶᠡᠷ ᠢ ᠰᠡᠷᠭᠡᠶᠢᠯᠡᠬᠦ ᠭᠠᠵᠠᠷ ᠣᠷᠣᠨ  ᠨᠢᠬᠡᠪᠦᠷᠢ ᠳᠤ ᠲᠤᠬᠢᠷᠠᠮᠵᠢᠳᠠᠢ ᠠᠷᠭ᠎ᠠ ᠲᠦᠰᠦᠪ ᠢ ᠲᠤᠭᠳᠠᠭᠠᠨ᠂ ᠠᠪᠤᠷᠠᠨ ᠲᠤᠰᠠᠯᠠᠬᠤ ᠪᠦᠳᠦᠮᠵᠢᠳᠡᠢ ᠠᠷᠭ᠎ᠠ ᠶᠢ ᠬᠡᠷᠡᠭᠵᠢᠭᠦᠯᠬᠦ ᠬᠡᠷᠡᠭᠲᠡᠶ᠃ ᠵᠢᠵᠢᠭᠦᠷᠯᠡᠨ ᠰᠠᠬᠢᠬᠤ ᠪᠠᠨ ᠴᠢᠩᠭᠠᠳᠬᠠᠵᠤ᠂ ᠴᠢᠮᠡᠭᠡ ᠬᠤᠯᠪᠤᠭᠠᠨ ᠤ ᠰᠠᠭᠠᠳ ᠦᠭᠡᠢ ᠨᠡᠪᠲᠡᠷᠡᠬᠦ ᠶᠢ ᠪᠠᠳᠤᠯᠠᠨ᠂ ᠤᠰᠤᠨ ᠤ ᠪᠠᠶᠢᠳᠠᠯ ᠪᠣᠷᠣᠭᠠᠨ ᠤ ᠪᠠᠶᠢᠳᠠᠯ ᠦᠶᠡᠷ ᠤᠨ ᠪᠠᠶᠢᠳᠠᠯ ᠢ ᠴᠠᠭ ᠢᠮᠠᠭᠲᠠ ᠠᠩᠬᠠᠷᠴᠤ᠂ 24 ᠴᠠᠭ ᠤᠨ ᠵᠢᠵᠢᠬᠦᠷ ᠤᠨ ᠲᠦᠷᠢᠮ ᠪᠣᠯᠤᠨ ᠮᠡᠳᠡᠬᠦᠯᠦᠯᠳᠡ ᠶᠢᠨ ᠲᠦᠷᠢᠮ ᠢ ᠴᠢᠩᠭ᠎ᠠ ᠬᠡᠷᠡᠭᠵᠢᠭᠦᠯᠬᠦ ᠬᠡᠷᠡᠭᠲᠡᠢ᠃  ᠡᠬᠦᠷᠭᠡ ᠬᠠᠷᠢᠭᠤᠴᠠᠯᠭ᠎ᠠ ᠶᠢ ᠱᠠᠲᠤ ᠱᠠᠲᠤ ᠪᠠᠷ ᠨᠠᠶᠢᠳᠠᠪᠤᠷᠢᠵᠢᠭᠤᠯᠵᠤ᠂ ᠵᠤᠬᠢᠴᠠᠭᠤᠯᠭ᠎ᠠ ᠬᠠᠮᠵᠢᠯᠴᠠᠭ᠎ᠠ ᠶᠢ ᠴᠢᠩᠭᠠᠳᠬᠠᠨ᠂ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ  ᠦᠨᠡᠨ ᠪᠤᠳᠠᠳᠠᠢ ᠨᠠᠶᠢᠳᠠᠪᠤᠷᠢᠵᠢᠭᠤᠯᠵᠤ᠂ ᠦᠶᠡᠷ ᠤᠨ ᠬᠤᠭᠤᠴᠠᠭᠠᠨ ᠤ ᠰᠡᠷᠭᠡᠶᠢᠯᠡᠯᠲᠡ ᠶᠢᠨ ᠱᠤᠭᠤᠮ ᠢ ᠡᠷᠡᠰ ᠪᠠᠳᠤ ᠴᠤᠭᠴᠠᠯᠠᠬᠤ ᠬᠡᠷᠡᠭᠲᠡᠶ ᠬᠡᠵᠦ ᠴᠢᠬᠤᠯᠠᠴᠢᠯᠠᠭᠰᠠᠨ ᠪᠠᠶᠢᠨ᠎ᠠ᠃ ᠬᠤᠰᠢᠭᠤᠨ ᠤ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠵᠢᠯᠣᠭᠤᠳᠬᠤ ᠭᠠᠵᠠᠷ ᠤᠨ ᠠᠯᠪᠠᠨ ᠬᠡᠷ ᠤᠨ ᠬᠠᠷᠢᠭᠤᠴᠠᠯᠭᠠᠳᠠᠨ ᠢᠯᠡᠷᠭᠡᠶᠢᠯᠡᠬᠦ ᠳᠡᠭᠡᠨ᠂  ᠬᠢᠨᠠᠨ ᠵᠢᠯᠣᠭᠤᠳᠬᠤ ᠠᠵᠢᠯ ᠢ ᠦᠷᠭᠦᠯᠵᠢᠯᠡᠨ ᠴᠢᠩᠭᠠᠳᠬᠠᠵᠤ᠂ ᠬᠠᠮᠢᠶ᠎ᠠ ᠪᠥᠬᠦᠶ ᠨᠢᠭᠡᠴᠡ ᠶᠢ ᠵᠢᠯᠤᠭᠤᠳᠤᠨ  ᠬᠡᠮ ᠰᠤᠭᠤᠭ ᠤᠨ ᠪᠠᠶᠢᠴᠠᠭᠠᠯᠳᠠ ᠪᠠ ᠴᠡᠭᠴᠡᠯᠡᠯᠳᠡ ᠶᠢ ᠨᠢᠭᠡ ᠲᠦᠷᠦᠯ ᠤᠨ ᠣᠷᠳᠣ ᠬᠤᠭᠤᠴᠠᠭᠠᠨ ᠤ ᠠᠵᠢᠯ ᠪᠣᠯᠭᠠᠨ ᠠᠳᠬᠤᠵᠤ᠂  ᠪᠠᠶᠢᠴᠠᠭᠠᠵᠤ ᠢᠯᠡᠷᠡᠬᠦᠯᠦᠭᠰᠡᠨ ᠬᠡᠮ ᠰᠤᠭᠤᠭ ᠢ ᠴᠠᠭ ᠲᠤᠬᠠᠶ ᠳᠤᠨᠢ ᠴᠡᠭᠴᠡᠯᠡᠨ ᠰᠠᠶᠢᠵᠢᠷᠠᠭᠤᠯᠵᠤ᠂  ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ︽ᠠᠮᠤᠷ ᠲᠦᠪᠰᠢᠨ ᠤ ᠲᠣᠤᠷ︾ ᠢ ᠪᠠᠳᠤ ᠴᠤᠭᠴᠠᠯᠠᠨ᠂  ᠦᠶᠡᠷ  ᠤᠨ ᠬᠤᠭᠤᠴᠠᠭ᠎ᠠ ᠶᠢ ᠠᠮᠤᠭᠤᠯᠠᠩ ᠲᠤᠭᠤᠯᠬᠤ ᠶᠢ ᠪᠠᠲᠤᠯᠠᠨ᠎ᠠ ᠭᠡᠵᠡᠢ᠃
 
ᠢᠷᠡᠯᠲᠡ᠄ ᠲᠠᠶᠢᠹᠤᠰᠧ ᠬᠤᠰᠢᠭᠤᠨ ᠤ ᠪᠠᠴᠢᠮ ᠪᠠᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号