ᠲᠠᠶᠢᠹᠤᠰᠧ ᠬᠤᠰᠢᠭᠤ ᠵᠠᠯᠠᠭᠤ ᠺᠠᠳ᠋ᠷᠴᠤᠳ ᠤᠨ ᠤᠯᠤᠰ ᠲᠥᠷᠥ ᠶᠢᠨ ᠴᠢᠳᠠᠪᠤᠷᠢ ᠶᠢ ᠳᠡᠭᠡᠭᠰᠢᠯᠡᠭᠦᠯᠬᠦ ᠲᠤᠰᠬᠠᠢ ᠰᠡᠳᠦᠪᠲᠦ ᠪᠣᠯᠪᠠᠰᠤᠷᠠᠯ ᠡᠷᠬᠢᠯᠡᠭᠰᠡᠨ
ᠨᠡᠶᠢᠲᠡᠯᠡᠭᠰᠡᠨ ᠴᠠᠭ᠄
2025/5/21
    5 ᠰᠠᠷ᠎ᠠ ᠶᠢᠨ 19 ᠤ ᠡᠳᠦᠷ᠂  ᠪᠦᠬᠦ ᠬᠤᠰᠢᠭᠤᠨ ᠤ ᠰᠠᠯᠠᠭᠠᠨ ᠲᠠᠰ ᠤᠨ ᠵᠠᠯᠠᠭᠤ ᠺᠠᠳ᠋ᠷᠴᠤᠳ ᠤᠨ ᠤᠯᠤᠰ ᠲᠥᠷᠥ ᠶᠢᠨ ᠴᠢᠳᠠᠪᠤᠷᠢ ᠶᠢ ᠳᠡᠭᠡᠭᠰᠢᠯᠡᠭᠦᠯᠬᠦ ᠲᠤᠰᠬᠠᠢ ᠰᠡᠳᠦᠪᠲᠦ ᠪᠣᠯᠪᠠᠰᠤᠷᠠᠯ ᠡᠬᠢᠯᠡᠵᠦ᠂  ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠳ᠋ᠠᠢ ᡁᠢ ᠷᠦᠢ ᠰᠤᠷᠤᠯᠭ᠎ᠠ ᠡᠬᠢᠯᠡᠬᠦ ᠶᠣᠰᠣᠯᠠᠯ ᠳᠤ ᠣᠷᠣᠯᠴᠠᠭᠰᠠᠨ ᠪᠥᠭᠡᠳ ᠲᠣᠰ ᠪᠡᠶ᠎ᠡ ᠶᠢᠨ ᠠᠵᠢᠯ ᠤᠨ ᠥᠩᠭᠡᠷᠡᠯᠲᠡ ᠲᠠᠢ ᠪᠠᠨ ᠤᠶᠠᠯᠳᠤᠭᠤᠯᠵᠤ ︽ᠳᠥᠷᠪᠡ ᠶᠢ ᠡᠷᠬᠢᠮᠯᠡᠬᠦ  ᠪᠠᠷ ᠰᠠᠭᠤᠷᠢ ᠪᠣᠯᠭᠠᠨ ᠡᠷᠡᠮᠡᠬᠡᠶᠢᠯᠡᠨ ᠤᠷᠤᠭᠰᠢᠯᠠᠵᠤ ᠰᠢᠨ᠎ᠡ ᠠᠶᠠᠨ ᠵᠠᠮ ᠳᠠᠭᠠᠨ ᠬᠡᠷᠡᠯ ᠰᠠᠴᠤᠷᠠᠩᠭᠤᠶ ᠰᠢᠨ᠎ᠡ ᠬᠠᠭᠤᠳᠠᠰᠤ ᠶᠢ ᠪᠢᠴᠢᠭᠯᠡᠶ᠎ᠡ︾ ᠬᠡᠮᠡᠬᠦ ᠭᠠᠷᠴᠠᠭ ᠢᠶᠠᠷ ᠲᠤᠰᠬᠠᠶ ᠰᠡᠳᠦᠪᠲᠦ ᠵᠢᠯᠣᠭᠤᠳᠣᠯᠭ᠎ᠠ ᠬᠢᠭᠰᠡᠨ ᠪᠦᠭᠡᠳ ᠥᠪᠥᠷ ᠮᠣᠩᠭᠤᠯ ᠤᠨ ᠨᠠᠮ ᠤᠨ ᠰᠤᠷᠭᠠᠭᠤᠯᠢ ᠶᠢᠨ ᠨᠠᠮ ᠤᠨ ᠲᠡᠦᠬᠡ ᠨᠠᠮ ᠤᠨ ᠪᠠᠶᠢᠭᠤᠯᠤᠯᠲᠠ ᠶᠢᠨ ᠵᠢᠭᠠᠨ ᠰᠤᠳᠤᠯᠬᠤ ᠬᠡᠯᠲᠡᠰ ᠤᠨ ᠳᠡᠳ᠋ ᠡᠷᠬᠢᠯᠡᠭᠴᠢ᠂ ᠳᠡᠳ᠋ ᠫᠷᠤᠹᠧᠰᠰᠤᠷ ᠰᠦᠨ ᠶᠠ ᠵᠢᠶᠧ ᠠᠴᠠ ︽ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠴᠥᠬᠦᠷᠡᠰᠢ ᠥᠬᠡᠶ ᠨᠠᠶᠢᠳᠠᠪᠤᠷᠢᠵᠢᠭᠤᠯᠵᠤ ᠰᠤᠷᠲᠠᠯ ᠤᠨ ᠪᠠᠶᠢᠭᠤᠯᠤᠯᠲᠠ ᠶᠢ ᠣᠷᠳᠣ ᠬᠤᠭᠤᠴᠠᠭ᠎ᠠ ᠪᠠᠷ ᠪᠦᠲᠦᠮᠵᠢᠲᠡᠶ ᠪᠠᠶᠢᠯᠭᠠᠬᠤ ᠶᠢ ᠠᠬᠢᠭᠤᠯᠤᠶ᠎ᠠ︾ ᠬᠡᠮᠡᠬᠦ  ᠭᠠᠷᠴᠠᠭ ᠢᠶᠠᠷ ᠲᠤᠰᠬᠠᠶ ᠰᠡᠳᠦᠪᠲᠦ ᠲᠠᠶᠢᠯᠤᠮᠵᠢ ᠬᠢᠵᠡᠢ᠃  ᠡᠨᠡ ᠤᠳᠠᠭᠠᠨ ᠤ ᠪᠣᠯᠪᠠᠰᠤᠷᠠᠯ ᠤᠨ ᠠᠩᠭᠢ ᠶᠢ ᠬᠤᠰᠢᠭᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠨᠠᠮ ᠤᠨ ᠰᠤᠷᠭᠠᠭᠤᠯᠢ ᠠᠴᠠ ᠭᠤᠤᠯᠯᠠᠨ ᠡᠷᠭᠢᠯᠡᠵᠦ᠂ 79 ᠨᠡᠷ᠎ᠡ ᠰᠠᠯᠠᠭᠠᠨ ᠲᠠᠰ ᠤᠨ ᠵᠠᠯᠠᠭᠤ ᠺᠠᠳ᠋ᠷ ᠢ 5 ᠪᠦᠯᠦᠭ ᠬᠤᠪᠢᠶᠠᠵᠤ ᠪᠣᠯᠪᠠᠰᠤᠷᠠᠯ ᠳᠤ  ᠤᠷᠤᠯᠴᠠᠭᠤᠯᠬᠤ ᠪᠠᠷ ᠪᠠᠶᠢᠨ᠎ᠠ᠃ ᠪᠣᠯᠪᠠᠰᠤᠷᠠᠯ ᠳᠤ ︽ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠵᠤ ᠭᠠᠮᠰᠢᠭ ᠠᠴᠠ ᠠᠪᠤᠷᠠᠬᠤ ᠲᠤᠬᠠᠶ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠥᠭᠦᠯᠡᠯᠲᠡ︾ ︽ᠰᠢ ᠶᠢᠨ ᠫᠢᠩ ᠤᠨ ᠰᠣᠶᠣᠯ ᠤᠨ ᠦᠵᠡᠯ ᠰᠠᠨᠠᠭᠠᠨ ᠤ ᠵᠢᠯᠣᠭᠤᠳᠣᠯᠭ᠎ᠠ ᠳᠣᠤᠷᠠᠬᠢ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ︾ ︽ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ ︿ᠲᠠᠪᠤᠨ ᠶᠡᠭᠡ ᠡᠭᠦᠷᠭᠡ᠂ ᠵᠢᠷᠭᠤᠭᠠᠨ ᠢᠨᠵᠧᠨᠧᠷᠢᠩ᠂ ᠵᠢᠷᠭᠤᠭᠠᠨ ᠠᠵᠢᠯᠯᠠᠭ᠎ᠠ﹀ ᠶᠢ ᠴᠢᠷᠮᠠᠶᠢᠨ ᠪᠡᠶᠡᠯᠡᠭᠦᠯᠬᠦ︾ ︽ᠨᠢᠭᠤᠴᠠ ᠶᠢ ᠬᠠᠮᠠᠭᠠᠯᠠᠬᠤ ᠬᠥᠮᠦᠵᠢᠯ︾ ᠵᠡᠷᠭᠡ ᠬᠢᠴᠢᠶᠡᠯ ᠢ ᠲᠣᠬᠢᠷᠠᠭᠤᠯᠤᠭᠰᠠᠨ ᠪᠥᠭᠡᠳ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭᠠᠨ  ᠤ ᠲᠣᠭᠤᠷᠢᠨ ᠳᠤ᠂ ᠠᠵᠢᠯ ᠤᠨ ᠪᠣᠳᠠᠲᠠᠶ ᠲᠠᠢ ᠤᠶᠠᠯᠳᠤᠭᠤᠯᠵᠤ᠂ ᠨᠠᠮᠴᠢ ᠴᠢᠨᠠᠷ ᠤᠨ ᠵᠠᠳᠠᠯᠤᠯᠲᠠ ᠬᠢᠬᠦ ᠪᠤᠯᠤᠨ᠎ᠠ᠃  ᠡᠶᠢᠨᠬᠦ ᠲᠤᠰᠬᠠᠶ ᠰᠡᠳᠦᠪᠳᠦ ᠬᠢᠴᠢᠶᠡᠯ ᠣᠷᠣᠬᠤ᠂ ᠳᠤᠭᠤᠶᠢᠯᠠᠩ ᠬᠤᠪᠢᠶᠠᠵᠤ ᠰᠤᠳᠤᠯᠤᠨ ᠶᠠᠷᠢᠯᠴᠠᠬᠤ᠂ ᠲᠤᠬᠠᠶ ᠶᠢᠨ ᠲᠠᠯᠠᠪᠤᠷ ᠲᠤ ᠵᠢᠭᠠᠨ ᠰᠤᠷᠭᠠᠬᠤ᠂ ᠬᠠᠷᠠᠭᠠᠨ ᠳᠠᠪᠲᠠᠮᠵᠢ ᠪᠠᠷ ᠲᠠᠶᠢᠯᠤᠮᠵᠢ ᠬᠢᠬᠦ᠂ ᠶᠠᠷᠢᠶ᠎ᠠ ᠢᠯᠡᠳᠭᠡᠯ ᠬᠢᠬᠦ᠂ ᠣᠨᠣᠯ ᠤᠨ ᠰᠢᠯᠭᠠᠯᠲᠠ ᠬᠢᠬᠦ ᠵᠡᠷᠭᠡ ᠠᠷᠭ᠎ᠠ ᠮᠠᠶ᠋ᠢᠭ ᠢᠶᠠᠷ ᠵᠠᠯᠠᠭᠤ ᠺᠠᠳ᠋ᠷᠴᠤᠳ ᠤᠨ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ ᠣᠶᠢᠯᠠᠭᠠᠬᠤ ᠴᠢᠳᠠᠪᠤᠷᠢ᠂ ᠤᠯᠤᠰ ᠲᠥᠷᠥ ᠶᠢᠨ ᠬᠡᠷᠡᠭᠵᠢᠭᠦᠯᠬᠦ ᠴᠢᠳᠠᠪᠤᠷᠢ ᠶᠢ ᠲᠡᠭᠡᠭᠰᠢᠯᠡᠬᠦᠯᠦᠨ᠂  ᠨᠠᠮ ᠳᠠᠭᠠᠨ ᠦᠨᠡᠨᠴᠢ ᠰᠢᠳᠤᠷᠭᠤ᠂ ᠠᠷᠠᠳ ᠤᠨ ᠲᠥᠯᠥᠭᠡ ᠵᠢᠳᠬᠦᠳᠡᠭ᠂ ᠡᠷᠳᠡᠮ ᠴᠢᠳᠠᠪᠤᠷᠢ ᠬᠡᠪ ᠪᠣᠯᠪᠠᠰᠤᠷᠠᠯ ᠲᠠᠢ ᠵᠠᠯᠠᠭᠤ ᠺᠠᠳ᠋ᠷᠴᠤᠳ ᠤᠨ ᠡᠩᠨᠡᠭᠡ ᠶᠢ ᠬᠥᠮᠦᠵᠢᠭᠦᠯᠵᠤ᠂ ᠲᠠᠶᠢᠹᠤᠰᠧ ᠬᠤᠰᠢᠭᠤᠨ ᠤ   ᠪᠠᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠴᠢᠳᠠᠯ ᠨᠡᠮᠡᠷᠢᠯᠡᠬᠦ ᠪᠠᠷ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号