5 ᠰᠠᠷ᠎ᠠ ᠶᠢᠨ 16 ᠤ ᠡᠳᠦᠷ ᠠᠴᠠ 18 ᠤ ᠡᠳᠦᠷ ᠪᠣᠯᠲᠠᠯ᠎ᠠ᠂ ᠲᠠᠶᠢᠹᠤᠰᠧ ᠬᠤᠰᠢᠭᠤᠨ ᠤ ᠨᠠᠮ ᠤᠨ | ᠬᠤᠷᠢᠶᠠᠨ ᠤ ᠤᠬᠠᠭᠤᠯᠬᠤ ᠬᠡᠯᠲᠡᠰ ᠠᠴᠠ ᠭᠤᠤᠯᠯᠠᠨ ᠡᠷᠭᠢᠯᠡᠵᠦ᠂ ᠲᠠᠶᠢᠹᠤᠰᠧ ᠬᠤᠰᠢᠭᠤᠨ ᠤ ᠰᠣᠶᠣᠯ ᠲᠠᠮᠢᠷ | ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠠᠴᠠ ᠳᠠᠭᠠᠭᠠᠴᠢᠯᠠᠨ ᠡᠷᠭᠢᠯᠡᠭᠰᠡᠨ ᠲᠠᠶᠢᠹᠤᠰᠧ ᠬᠤᠰᠢᠭᠤᠨ ᠤ | ᠳᠣᠯᠣᠳᠤᠭᠠᠷ ᠬᠤᠭᠤᠴᠠᠭᠠᠨ ᠤ ︽ᠳᠤᠮᠳᠠᠳᠤ ᠤᠯᠤᠰ ᠤᠨ ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ | ᠬᠤᠨᠳᠠᠭᠠᠲᠤ︾ ᠪᠡᠭᠡᠵᠢᠩ ᠥᠪᠥᠷ ᠮᠣᠩᠭᠤᠯ ᠾᠧᠪᠸᠢ ᠣᠷᠣᠨ ᠤ ᠫᠢᠩᠫᠠᠩ ᠪᠥᠮᠪᠦᠭᠡ ᠶᠢᠨ ᠤᠷᠢᠯᠭ᠎ᠠ ᠶᠢᠨ | ᠤᠷᠤᠯᠳᠤᠭᠠᠨ᠂ ᠨᠠᠢᠮᠠᠳᠤᠭᠠᠷ ᠬᠤᠭᠤᠴᠠᠭᠠᠨ ᠤ ᠪᠡᠭᠡᠵᠢᠩ ᠥᠪᠥᠷ ᠮᠣᠩᠭᠤᠯ ᠾᠧᠪᠸᠢ ᠣᠷᠣᠨ ᠤ ᠥᠳᠥᠨ | ᠪᠥᠮᠪᠦᠭᠡ ᠶᠢᠨ ᠤᠷᠢᠯᠭ᠎ᠠ ᠶᠢᠨ ᠤᠷᠤᠯᠳᠤᠭᠠᠨ ᠨᠢ ᠲᠠᠶᠢᠹᠤᠰᠧ ᠬᠤᠰᠢᠭᠤᠨ ᠤ ᠰᠣᠶᠣᠯ ᠤᠨ ᠠᠰᠠᠷ ᠤᠨ ᠪᠡᠶ᠎ᠡ ᠶᠢᠨ | ᠲᠠᠮᠢᠷ ᠤᠨ ᠣᠷᠳᠣᠨ ᠳᠤ ᠠᠮᠵᠢᠯᠲᠠ ᠲᠠᠢ ᠶᠠᠪᠤᠭᠳᠠᠵᠤ ᠦᠩᠭᠡᠷᠡᠯ᠎ᠡ᠃ ᠤᠷᠤᠯᠳᠤᠭᠠᠨ ᠳᠤ ᠪᠡᠭᠡᠵᠢᠩ ᠬᠤᠲᠠ᠂ | ᠾᠧᠪᠸᠢ ᠮᠤᠵᠢ ᠵᠢᠴᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠯ᠎ᠡ ᠠᠶᠢᠮᠠᠭ ᠬᠤᠲᠠ ᠠᠴᠠ | ᠬᠦᠷᠦᠯᠴᠡᠨ ᠢᠷᠡᠭᠰᠡᠨ 62 ᠠᠩᠬᠢ ᠨᠢᠬᠡᠴᠡ ᠶᠢᠨ 500 ᠭᠠᠷᠤᠶ ᠲᠠᠮᠢᠷᠴᠢᠨ ᠤᠷᠤᠯᠴᠠᠵᠠᠢ᠃ ᠬᠤᠷᠴᠠ ᠰᠢᠷᠦᠭᠦᠨ | ᠥᠷᠢᠰᠥᠯᠳᠦᠭᠡᠨ ᠢᠶᠠᠷ ᠲᠠᠮᠵᠢᠭᠠᠳ ᠂ ᠳᠣᠯᠣᠳᠤᠭᠠᠷ ᠬᠤᠭᠤᠴᠠᠭᠠᠨ ᠤ ︽ᠳᠤᠮᠳᠠᠳᠤ ᠤᠯᠤᠰ ᠤᠨ ᠪᠡᠶ᠎ᠡ ᠶᠢᠨ | ᠲᠠᠮᠢᠷ ᠤᠨ ᠱᠠᠩᠨᠠᠯᠲᠤ ᠰᠤᠭᠤᠯᠤᠭ᠎ᠠ ᠬᠤᠨᠳᠠᠭᠠᠲᠤ︾ ᠪᠡᠭᠡᠵᠢᠩ ᠥᠪᠥᠷ ᠮᠣᠩᠭᠤᠯ ᠾᠧᠪᠸᠢ ᠣᠷᠣᠨ ᠤ ᠫᠢᠩᠫᠠᠩ | ᠪᠥᠮᠪᠦᠭᠡ ᠶᠢᠨ ᠤᠷᠢᠯᠭ᠎ᠠ ᠶᠢᠨ ᠤᠷᠤᠯᠳᠤᠭᠠᠨ ᠤ ᠡᠮᠡᠭᠲᠡᠶ ᠶᠢᠨ ᠲᠤᠭᠤᠶᠢᠯᠠᠩ ᠤᠨ ᠨᠢᠬᠡᠳᠦᠭᠡᠷ ᠲᠤ ᠥᠪᠥᠷ | ᠮᠣᠩᠭᠤᠯ ᠤᠨ ᠶᠢᠨ ᠾᠧ ᠪᠠᠭ ᠂ ᠬᠤᠶᠠᠳᠤᠭᠠᠷ ᠲᠤ ᠱᠢ ᠵᠢᠶᠠ ᠵᠤᠸᠠᠩ ᠤᠨ ᠵᠦᠸᠧ ᠶᠤᠸᠠᠢ ᠪᠠᠭ᠂ | ᠭᠤᠷᠪᠠᠳᠤᠭᠠᠷ ᠲᠤ ᠪᠡᠭᠡᠵᠢᠩ ᠤᠨ ᠮᠥ ᠳ᠋ᠠᠨ ᠺᠤᠸᠠᠢ ᠯᠧ ᠪᠠᠭ᠂ ᠰᠢᠯᠢ ᠶᠢᠨ ᠭᠤᠤᠯ ᠠᠶᠢᠮᠠᠭ ᠤᠨ ᠪᠥᠸᠧ ᠢ | ᠾᠧᠩ ᠫᠢᠩᠫᠠᠩ ᠪᠥᠮᠪᠦᠭᠡ ᠶᠢᠨ ᠺᠯᠦ᠋ᠪ ᠤᠨ ᠪᠠᠭ ᠰᠢᠯᠭᠠᠷᠠᠵᠤ᠂ ᠰᠢᠯᠤᠭᠤᠨ ᠬᠥᠬᠡ ᠬᠤᠰᠢᠭᠤᠨ ᠤ ᠦᠬᠡᠷᠴᠢᠨ | ᠰᠤᠶᠤᠯ ᠵᠢᠭᠤᠯᠴᠢᠯᠠᠯ ᠤᠨ ᠬᠢᠵᠠᠭᠠᠷᠲᠤ ᠺᠣᠮᠫᠠᠨᠢ ᠶᠢᠨ ᠬᠢᠨ ᠡᠷᠡᠭᠲᠡᠶ ᠶᠢᠨ ᠲᠤᠭᠤᠶᠢᠯᠠᠩ ᠤᠨ ᠨᠢᠬᠡᠳᠦᠭᠡᠷ ᠲᠤ᠂ | ᠵᠠᠩᠪᠸᠢ ᠰᠢᠶᠠᠨ ᠤ ᠫᠢᠩᠫᠠᠩ ᠪᠥᠮᠪᠦᠭᠡ ᠶᠢᠨ ᠨᠡᠶᠢᠭᠡᠮᠯᠢᠭ ᠤᠨ ᠪᠠᠭ ᠬᠤᠶᠠᠳᠤᠭᠠᠷ ᠲᠤ᠂ ᠰᠢᠯᠢ ᠶᠢᠨ ᠭᠤᠤᠯ | ᠠᠶᠢᠮᠠᠭ ᠤᠨ ᠪᠥᠸᠧ ᠢ ᠾᠧᠩ ᠫᠢᠩᠫᠠᠩ ᠪᠥᠮᠪᠦᠭᠡ ᠶᠢᠨ ᠨᠡᠶᠢᠭᠡᠮᠯᠢᠭ ᠤᠨ ᠨᠢᠭᠡᠳᠦᠭᠡᠷ ᠪᠠᠭ᠂ ᠬᠤᠶᠠᠳᠤᠭᠠᠷ ᠪᠠᠭ | ᠨᠢ ᠭᠤᠷᠪᠠ ᠳᠤ ᠲᠤᠳᠤᠷᠠᠨ᠂ ᠵᠠᠩᠪᠸᠢ ᠰᠢᠶᠠᠨ ᠤ ᠼᠤᠤ ᠶᠤᠸᠠᠨ ᠲᠢᠶᠠᠨ ᠯᠤ᠋ ᠪᠠᠭ᠂ ᠴᠢᠭᠤᠯᠤᠯᠲᠤ | ᠬᠠᠭᠠᠯᠭ᠎ᠠ ᠶᠢᠨ ᠶᠦᠩ ᠠᠨ ᠫᠢᠩᠫᠠᠩ ᠪᠥᠮᠪᠦᠭᠡ ᠶᠢᠨ ᠺᠯᠦ᠋ᠪ ᠤᠨ ᠪᠠᠭ᠂ ᠰᠢᠯᠤᠭᠤᠨ ᠬᠦᠪᠡᠭᠡᠳᠦ ᠴᠠᠭᠠᠨ | ᠬᠤᠰᠢᠭᠤᠨ ᠤ ᠫᠢᠩ ᠱᠤᠸᠠᠢ ᠪᠠᠭ᠂ ᠬᠥᠬᠡᠬᠤᠲᠠ ᠶᠢᠨ ᠰᠠᠨ ᠳ᠋ᠠᠢ ᠢ ᠪᠠᠭ ᠨᠢ ᠲᠠᠪᠤᠳᠤᠭᠠᠷ ᠪᠠᠶᠢᠷᠢ ᠳᠤ | ᠵᠢᠬᠰᠠᠭᠰᠠᠨ ᠪᠠᠶᠢᠨ᠎ᠠ᠃ ᠨᠠᠢᠮᠠᠳᠤᠭᠠᠷ ᠬᠤᠭᠤᠴᠠᠭᠠᠨ ᠤ ᠪᠡᠭᠡᠵᠢᠩ ᠥᠪᠥᠷ ᠮᠣᠩᠭᠤᠯ ᠾᠧᠪᠸᠢ ᠤᠷᠤᠨ ᠤ ᠦᠳᠦᠨ | ᠪᠥᠮᠪᠦᠭᠡ ᠶᠢᠨ ᠤᠷᠢᠯᠭ᠎ᠠ ᠶᠢᠨ ᠤᠷᠤᠯᠳᠤᠭᠠᠨ ᠳᠤ ᠪᠤᠤᠳᠢᠩ ᠬᠤᠲᠠ ᠶᠢᠨ ᠢᠦᠢ ᠷᠧᠨ ᠲᠢᠶᠠᠨ ᠰᠢᠶᠠ ᠺᠯᠦ᠋ᠪ ᠤᠨ | ᠬᠢᠨ ᠮᠠᠩᠯᠠᠶᠢᠵᠤ᠂ ᠰᠢᠯᠢᠩᠬᠤᠲᠠ ᠶᠢᠨ ᠦᠳᠦᠨ ᠪᠦᠮᠪᠦᠭᠡ ᠶᠢᠨ ᠨᠡᠶᠢᠭᠡᠮᠯᠢᠭ ᠤᠨ ᠬᠢᠨ ᠲᠡᠳ᠋ᠯᠡᠨ᠂ ᠴᠧᠩ ᠳ᠋ᠧ | ᠬᠤᠲᠠ ᠶᠢᠨ ᠯᠸᠢ ᠲᠢᠩ ᠢᠦᠢ ᠢ ᠺᠯᠦ᠋ᠪ ᠂ ᠰᠦᠨᠢᠳ ᠵᠡᠭᠦᠨ ᠬᠤᠰᠢᠭᠤᠨ ᠤ ᠵᠢᠩ ᠵᠢᠶᠧ ᠪᠠᠭ ᠭᠤᠷᠪᠠᠳᠤᠭᠠᠷ ᠲᠤ | ᠰᠢᠯᠭᠠᠷᠠᠵᠤ᠂ ᠹᠧᠩ ᠨᠢᠩ ᠤᠨ ᠮᠠᠨᠵᠤ ᠦᠨᠳᠦᠰᠦᠲᠡᠨ ᠤ ᠥᠪᠡᠷᠲᠡᠭᠡᠨ ᠵᠠᠰᠠᠬᠤ ᠰᠢᠶᠠᠨ ᠤ ᠨᠢᠭᠡᠳᠦᠭᠡᠷ ᠪᠠᠭ᠂ | ᠬᠤᠶᠠᠳᠤᠭᠠᠷ ᠪᠠᠭ᠂ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠦᠳᠦᠨ ᠪᠦᠮᠪᠦᠭᠡ ᠶᠢᠨ ᠨᠡᠶᠢᠬᠡᠮᠯᠢᠭ ᠤᠨ | ᠨᠢᠭᠡᠳᠦᠭᠡᠷ ᠪᠠᠭ᠂ ᠲᠠᠶᠢᠹᠤᠰᠧ ᠬᠤᠰᠢᠭᠤᠨ ᠤ ᠦᠳᠦᠨ ᠪᠦᠮᠪᠦᠭᠡ ᠶᠢᠨ ᠨᠡᠶᠢᠭᠡᠮᠯᠢᠭ ᠤᠨ ᠪᠠᠭ ᠨᠢ ᠲᠠᠪᠤᠳᠤᠭᠠᠷ | ᠪᠠᠶᠢᠷᠢ ᠳᠤ ᠵᠢᠬᠰᠠᠪᠠ᠃ ᠰᠢᠯᠤᠭᠤᠨ ᠬᠥᠬᠡ ᠬᠤᠰᠢᠭᠤᠨ ᠤ ᠦᠳᠦᠨ ᠪᠦᠮᠪᠦᠭᠡ ᠶᠢᠨ ᠨᠡᠶᠢᠭᠡᠮᠯᠢᠭ ᠤᠨ ᠪᠠᠭ ᠨᠢ | ᠰᠢᠯᠢᠳᠡᠭ ᠵᠣᠬᠢᠶᠠᠨ ᠪᠠᠶᠢᠭᠤᠯᠤᠯᠲᠠ ᠶᠢᠨ ᠱᠠᠩᠨᠠᠯ ᠢ ᠬᠦᠷᠳᠡᠵᠦ᠂ ᠲᠠᠶᠢᠹᠤᠰᠧ ᠬᠤᠰᠢᠭᠤᠨ ᠤ ᠱᠧᠨ ᠨᠧᠩ | ᠺᠣᠮᠫᠠᠨᠢ ᠶᠢᠨ ᠪᠠᠭ ᠰᠤᠷᠳᠠᠯ ᠮᠣᠷᠠᠯ ᠲᠠᠢ ᠠᠩᠬᠢ ᠨᠢᠬᠡᠴᠡ ᠪᠠᠷ ᠦᠨᠡᠯᠡᠭᠳᠡᠵᠡᠢ᠃ |