5 ᠰᠠᠷ᠎ᠠ ᠶᠢᠨ 21 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠴᠧᠨ ᠶᠠᠨ ᠪᠦᠦ ᠪᠠᠶᠢᠴᠠᠭᠠᠬᠤ | ᠪᠦᠯᠬᠦᠮ ᠳᠠᠭᠠᠭᠤᠯᠤᠨ ᠣᠷᠣᠰᠢᠭᠤᠯᠭ᠎ᠠ ᠶᠢᠨ ᠦᠢᠯᠡᠴᠢᠯᠡᠭᠡᠨ ᠤ ᠲᠥᠪ᠂ ᠨᠡᠶᠢᠲᠡ ᠶᠢᠨ ᠣᠩᠭᠤᠨ᠂ ᠵᠥᠩ ᠬᠤᠸᠠ | ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠭᠡ ᠮᠡᠷᠭᠡᠵᠢᠯ ᠤᠨ ᠵᠢᠱᠢᠶ᠎ᠡ ᠦᠵᠡᠭᠦᠯᠬᠦ ᠬᠦᠷᠢᠶᠡᠯᠡᠩ᠂ ᠪᠢᠶᠠᠨ ᠴᠢᠶᠠᠩ | ᠲᠣᠰᠬᠤᠨ ᠂ ᠬᠤᠸᠠ ᠬᠤᠶ ᠭᠤᠮ ᠤᠨ ᠦᠢᠯᠡᠳᠪᠦᠷᠢ ᠵᠡᠷᠭᠡ ᠭᠤᠤᠯᠳᠠᠯᠭ᠎ᠠ ᠲᠠᠢ ᠲᠦᠷᠦᠯ ᠵᠦᠢᠯ ᠤᠨ ᠤᠷᠤᠨ ᠳᠤ | ᠭᠦᠨᠵᠡᠭᠡᠶᠢᠷᠡᠵᠦ᠂ ᠣᠷᠣᠰᠢᠭᠤᠯᠭ᠎ᠠ ᠶᠢᠨ ᠦᠬᠡᠷᠡᠴᠢᠯᠡᠯᠳᠡ᠂ ᠠᠶᠤᠯᠭᠦᠶ ᠦᠢᠯᠡᠳᠪᠦᠷᠢᠯᠡᠯ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ᠂ ᠭᠤᠤᠯᠳᠠᠯᠭ᠎ᠠ ᠲᠠᠢ ᠲᠥᠷᠥᠯ ᠵᠦᠢᠯ ᠤᠨ ᠪᠠᠶᠢᠭᠤᠯᠤᠯᠲᠠ ᠵᠡᠷᠭᠡ ᠠᠵᠢᠯ ᠤᠨ | ᠪᠠᠶᠢᠳᠠᠯ ᠢ ᠪᠠᠶᠢᠴᠠᠭᠠᠨ ᠰᠤᠳᠤᠯᠵᠠᠢ᠃ ᠴᠧᠨ ᠶᠠᠨ ᠪᠦᠦ ᠴᠢᠬᠤᠯᠠᠴᠢᠯᠠᠬᠤ ᠳᠠᠭᠠᠨ᠂ ᠣᠷᠣᠰᠢᠭᠤᠯᠭ᠎ᠠ ᠶᠢᠨ ᠬᠦᠷᠢᠶ᠎ᠡ | ᠴᠠᠷᠠᠭ᠎ᠠ ᠳᠠᠬᠢ ᠲᠤᠰᠬᠠᠶ ᠴᠡᠭᠴᠡᠯᠡᠯᠳᠡ ᠶᠢᠨ ᠡᠷᠴᠢᠮ ᠢ ᠴᠢᠩᠭᠠᠷᠠᠭᠤᠯᠵᠤ᠂ ᠲᠥᠷᠥᠯ ᠵᠦᠢᠯ ᠤᠨ ᠪᠠᠶᠢᠭᠤᠯᠤᠯᠲᠠ ᠶᠢᠨ | ᠠᠬᠢᠴᠠ ᠶᠢ ᠲᠦᠷᠭᠡᠳᠬᠡᠨ᠂ ᠪᠠᠯᠭᠠᠰᠤ ᠲᠣᠰᠬᠤᠨ ᠬᠤᠶᠠᠷ ᠱᠠᠲᠤᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ | ᠪᠣᠳᠠᠲᠠᠶᠢᠵᠢᠭᠤᠯᠵᠤ᠂ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠬᠡᠪ ᠵᠠᠩᠰᠢᠯ ᠤᠨ | ᠦᠬᠡᠷᠡᠴᠢᠯᠡᠯᠳᠡ ᠶᠢ ᠭᠦᠨᠵᠡᠭᠡᠶᠢᠷᠡᠭᠦᠯᠵᠦ᠂ ᠣᠷᠣᠰᠢᠭᠤᠯᠭ᠎ᠠ ᠶᠢᠨ ᠥᠭᠡᠷᠡᠴᠢᠯᠡᠯᠲᠡ ᠶᠢ ᠯᠠᠪᠳᠠᠭᠤᠨ ᠢᠶᠠᠷ ᠠᠬᠢᠭᠤᠯᠬᠤ | ᠬᠡᠷᠡᠭᠲᠡᠶ᠃ ︽ᠭᠤᠷᠪᠠᠨ ᠬᠠᠮᠢᠶᠠᠷᠤᠯᠳᠠ ᠭᠤᠷᠪᠠᠨ ᠡᠷᠬᠡᠪᠰᠢ︾ ᠶᠢᠨ ᠬᠠᠷᠢᠭᠤᠴᠠᠯᠭ᠎ᠠ ᠶᠢᠨ ᠰᠢᠰᠲ᠋ᠧᠮ ᠢ | ᠴᠢᠩᠭᠠᠳᠬᠠᠵᠤ᠂ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠤᠬᠠᠮᠰᠠᠷ ᠢ ᠲᠤᠪᠤᠶᠢᠯᠭᠠᠨ᠂ ᠠᠶᠤᠯᠭᠦᠢ | ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠡᠷᠡᠰ ᠪᠠᠲᠤ ᠰᠠᠬᠢᠬᠤ ᠬᠡᠷᠡᠭᠲᠡᠢ᠃ ᠰᠢᠨᠵᠢᠯᠡᠭᠡ ᠮᠡᠷᠭᠡᠵᠢᠯ ᠤᠨ | ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠵᠤ᠂ ᠭᠤᠷᠪᠠᠨ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ | ᠠᠬᠢᠭᠤᠯᠵᠤ᠂ ᠲᠦᠬᠦᠭᠡᠷᠦᠮᠵᠢᠲᠦ ᠲᠠᠷᠢᠶᠠᠯᠠᠩ ᠤᠨ ᠰᠢᠨ᠎ᠡ ᠪᠠᠷ ᠪᠠᠶᠢᠭᠤᠯᠬᠤ ᠪᠠ ᠦᠬᠡᠷᠡᠴᠢᠯᠡᠨ ᠪᠠᠶᠢᠭᠤᠯᠬᠤ ᠠᠵᠢᠯ | ᠡᠭᠦᠷᠭᠡ ᠶᠢ ᠴᠢᠨᠠᠷ ᠰᠠᠶᠢᠲᠠᠢ ᠪᠡᠶᠡᠯᠡᠬᠦᠯᠦᠨ᠂ ᠬᠥᠳᠡᠭᠡ ᠠᠵᠤ ᠠᠬᠤᠢ ᠶᠢᠨ ᠪᠠᠷᠢᠮᠵᠢᠶᠠᠵᠢᠵᠤ ᠬᠡᠪᠴᠢᠶᠡᠵᠢᠭᠰᠡᠨ | ᠬᠡᠯᠪᠡᠷᠢ ᠶᠢ ᠬᠤᠪᠢᠷᠠᠭᠤᠯᠤᠯᠳᠠ ᠶᠢ ᠠᠬᠢᠭᠤᠯᠵᠤ᠂ ᠪᠦᠬᠦ ᠬᠤᠰᠢᠭᠤᠨ ᠤ ᠨᠡᠶᠢᠭᠡᠮ ᠠᠵᠤ ᠠᠬᠤᠢ ᠶᠢᠨ ᠴᠢᠨᠠᠷ ᠰᠠᠶᠢᠲᠠᠢ | ᠬᠥᠭᠵᠢᠯᠲᠡ ᠳᠤ ᠪᠠᠲᠤ ᠪᠠᠬᠢ ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠪᠡ᠃ ᠬᠤᠰᠢᠭᠤ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠬᠦᠨ᠂ ᠬᠤᠰᠢᠭᠤ ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ ᠯᠢᠦ ᠶᠠ ᠱᠧᠩ | ᠪᠠᠶᠢᠴᠠᠭᠠᠨ ᠰᠤᠳᠤᠯᠬᠤ ᠠᠵᠢᠯᠯᠠᠭ᠎ᠠ ᠳᠤ ᠤᠷᠤᠯᠴᠠᠵᠠᠢ᠃ |