5 ᠰᠠᠷ᠎ᠠ ᠶᠢᠨ 21 ᠤ ᠡᠳᠦᠷ᠂ ︽ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ ᠪᠦᠯᠬᠦᠮᠳᠡᠨ ᠲᠡᠮᠡᠴᠡᠵᠦ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠬᠤ︾ | ᠪᠠᠷ ᠭᠤᠤᠯ ᠰᠡᠳᠦᠪ ᠪᠤᠯᠭᠠᠭᠰᠠᠨ ᠲᠠᠶᠢᠹᠤᠰᠧ ᠬᠤᠰᠢᠭᠤᠨ ᠤ 2025 ᠣᠨ ᠤ ︽ᠦᠨᠳᠦᠰᠦᠲᠡᠨ ᠤ ᠲᠥᠷᠥ ᠶᠢᠨ | ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾ ︽ᠦᠨᠳᠦᠰᠦᠲᠡᠨ ᠤ ᠬᠠᠤᠯᠢ ᠪᠠᠷ ᠵᠠᠰᠠᠬᠤ ᠤᠬᠠᠭᠤᠯᠭ᠎ᠠ ᠶᠢᠨ ᠭᠠᠷᠠᠭ︾ | ᠤᠨ ᠠᠵᠢᠯᠯᠠᠭᠠᠨ ᠤ ᠡᠬᠢᠯᠡᠯᠲᠡ ᠶᠢᠨ ᠶᠣᠰᠣᠯᠠᠯ ᠤᠤ ᠱᠧᠩ ᠳ᠋ᠠ ᠲᠠᠯᠠᠪᠠᠶ ᠳᠤ ᠶᠠᠪᠤᠭᠳᠠᠵᠠᠢ᠃ ᠬᠤᠰᠢᠭᠤ ᠨᠠᠮ ᠤᠨ | ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠰᠡᠴᠡᠨᠴᠣᠭᠲᠤ | ᠡᠬᠢᠯᠡᠯᠲᠡ ᠶᠢᠨ ᠶᠣᠰᠣᠯᠠᠯ ᠳᠤ ᠤᠷᠤᠯᠴᠠᠨ ᠪᠠᠶᠠᠷ ᠤᠨ ᠦᠭᠡ ᠬᠡᠯᠡᠵᠦ᠂ ᠳᠡᠳ᠋ ᠬᠤᠰᠢᠭᠤ ᠳᠠᠷᠤᠭ᠎ᠠ ᠾᠧ ᠳ᠋ᠢᠩ | ᠶᠣᠰᠣᠯᠠᠯ ᠢ ᠡᠷᠭᠢᠯᠡᠭᠰᠡᠨ ᠪᠥᠭᠡᠳ ᠠᠵᠢᠯᠯᠠᠭ᠎ᠠ ᠵᠢᠩᠬᠢᠨᠢ ᠪᠠᠷ ᠡᠬᠢᠯᠡᠭᠰᠡᠨ ᠢ ᠵᠠᠷᠯᠠᠪᠠ᠃ ᠬᠤᠰᠢᠭᠤᠨ ᠤ ᠬᠠᠮᠢᠶ᠎ᠠ | ᠪᠦᠬᠦᠢ ᠰᠠᠯᠠᠭ᠎ᠠ ᠮᠥᠴᠢᠷ᠂ ᠰᠤᠮᠤ ᠰᠢᠶᠠᠩ ᠪᠠᠯᠭᠠᠰᠤ᠂ ᠨᠡᠶᠢᠭᠡᠮ ᠲᠣᠭᠤᠷᠢᠭ ᠤᠨ 300 ᠭᠠᠷᠤᠶ ᠺᠠᠳ᠋ᠷ ᠠᠵᠢᠯᠳᠠᠨ | ᠪᠠ ᠰᠠᠭᠤᠭᠠᠯᠢ ᠠᠷᠠᠳ ᠡᠬᠢᠯᠡᠯᠲᠡ ᠶᠢᠨ ᠶᠣᠰᠣᠯᠠᠯ ᠳᠤ ᠣᠷᠣᠯᠴᠠᠵᠤ᠂ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠦᠢᠯᠡᠰ ᠢ ᠠᠬᠢᠭᠤᠯᠬᠤ ᠳᠤ ᠬᠦᠴᠦᠨ ᠨᠡᠮᠡᠷᠢᠯᠡᠭᠰᠡᠨ ᠪᠠᠶᠢᠨ᠎ᠠ᠃ ᠶᠣᠰᠣᠯᠠᠯ ᠳᠡᠭᠡᠷ᠎ᠡ᠂ ᠬᠤᠰᠢᠭᠤ | ᠤᠯᠠᠭᠠᠨᠮᠥ᠋ᠴᠢᠷ ᠤᠨ ᠬᠢᠨ ᠭᠤᠴᠤ ᠰᠠᠶᠢᠬᠠᠨ ᠲᠣᠭᠯᠠᠯᠲᠠ ᠭᠠᠷᠭᠠᠵᠤ᠂ ᠤᠷᠠᠯᠢᠭ ᠤᠨ ᠬᠡᠯᠪᠡᠷᠢ ᠪᠠᠷ | ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠠᠶᠢᠷ᠎ᠠ ᠰᠡᠳᠬᠢᠯᠭᠡ ᠶᠢ ᠬᠠᠷᠠᠭᠤᠯᠤᠨ᠂ ᠰᠠᠶᠢᠨ ᠰᠠᠶᠢᠬᠠᠨ | ᠠᠮᠢᠳᠤᠷᠠᠯ ᠢ ᠬᠠᠮᠲᠤ ᠪᠠᠷ ᠴᠣᠭᠴᠠᠯᠠᠬᠤ ᠢᠲᠡᠭᠡᠯ ᠵᠣᠷᠢᠭ ᠢ ᠢᠯᠡᠳᠬᠡᠪᠡ᠃ ᠬᠠᠮᠢᠶ᠎ᠠ ᠪᠥᠬᠦᠶ ᠰᠠᠯᠠᠭ᠎ᠠ ᠮᠥᠴᠢᠷ ᠤᠨ | ᠬᠢᠨ ᠤᠬᠠᠭᠤᠯᠭ᠎ᠠ ᠶᠢᠨ ᠰᠠᠮᠪᠠᠷ᠎ᠠ ᠪᠤᠰᠬᠠᠬᠤ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠠᠰᠠᠭᠤᠨ ᠯᠠᠪᠯᠠᠬᠤ | ᠦᠢᠯᠡᠴᠢᠯᠡᠭᠡᠨ ᠤ ᠲᠠᠪᠴᠠᠩ ᠭᠠᠷᠭᠠᠬᠤ ᠮᠡᠳᠦ ᠶᠢᠨ ᠠᠷᠭ᠎ᠠ ᠬᠡᠯᠪᠡᠷᠢ ᠪᠠᠷ ᠣᠯᠠᠨ ᠲᠦᠮᠡᠨ ᠳᠤ ᠦᠨᠳᠦᠰᠦᠲᠡᠨ ᠤ | ᠲᠥᠷᠥ ᠶᠢᠨ ᠪᠣᠳᠣᠯᠭ᠎ᠠ ᠪᠠ ᠬᠠᠤᠯᠢ ᠲᠦᠷᠢᠮ ᠤᠨ ᠮᠡᠳᠡᠯᠭᠡ ᠶᠢ ᠤᠬᠠᠭᠤᠯᠵᠤ᠂ ᠨᠠᠮ ᠤᠨ ᠦᠨᠳᠦᠰᠦᠲᠡᠨ ᠤ | ᠣᠨᠣᠯ ᠪᠠ ᠲᠥᠷᠥ ᠶᠢᠨ ᠪᠣᠳᠣᠯᠭ᠎ᠠ᠂ ᠬᠠᠤᠯᠢ ᠲᠦᠷᠢᠮ ᠢ ᠲᠦᠬᠡᠮᠡᠯᠵᠢᠬᠦᠯᠦᠭᠰᠡᠨ ᠪᠠᠶᠢᠨ᠎ᠠ᠃ ᠬᠤᠰᠢᠭᠤ ᠨᠠᠮ ᠤᠨ | ᠬᠤᠷᠢᠶᠠᠨ ᠤ ᠤᠬᠠᠭᠤᠯᠬᠤ ᠬᠡᠯᠲᠡᠰ᠂ ᠬᠤᠰᠢᠭᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ᠂ | ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ᠂ ᠦᠨᠳᠦᠰᠦᠲᠡᠨ ᠤ ᠬᠡᠷᠡᠭ | ᠡᠷᠭᠢᠯᠡᠬᠦ ᠵᠥᠪᠯᠡᠯ ᠠᠴᠠ ᠭᠤᠤᠯᠯᠠᠨ ᠡᠷᠬᠢᠯᠡᠭᠰᠡᠨ ᠡᠨᠡ ᠤᠳᠠᠭᠠᠨ ᠤ ᠠᠵᠢᠯᠯᠠᠭ᠎ᠠ ᠨᠢ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠪᠠᠷ ᠭᠤᠣᠯ ᠰᠢᠵᠢᠮ ᠪᠣᠯᠭᠠᠵᠤ᠂ ᠨᠠᠮ ᠤᠨ | ᠦᠨᠳᠦᠰᠦᠲᠡᠨ ᠤ ᠤᠨᠤᠯ ᠪᠠ ᠲᠦᠷᠦ ᠶᠢᠨ ᠪᠤᠳᠤᠯᠭ᠎ᠠ᠂ ᠬᠠᠤᠯᠢ ᠲᠦᠷᠢᠮ ᠤᠨ ᠤᠬᠠᠭᠤᠯᠭ᠎ᠠ ᠬᠥᠮᠦᠵᠢᠯ ᠢ ᠪᠦᠬᠦ | ᠲᠠᠯ᠎ᠠ ᠪᠠᠷ ᠦᠷᠭᠡᠨ ᠲᠡᠯᠭᠡᠷ ᠦᠷᠨᠢᠬᠦᠯᠬᠦ ᠪᠠᠷ ᠲᠠᠮᠵᠢᠭᠠᠳ᠂ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠢ | ᠵᠢᠯᠤᠭᠤᠳᠤᠨ ᠠᠨᠠᠷ ᠤᠨ ᠦᠷ᠎ᠡ ᠮᠡᠳᠦ ᠨᠢᠬᠳᠠᠷᠠᠨ ᠪᠦᠯᠬᠦᠮᠳᠡᠬᠦᠯᠬᠦ ᠪᠠᠷ ᠵᠤᠷᠢᠯᠭ᠎ᠠ ᠪᠤᠯᠭᠠᠵᠠᠢ᠃ ᠵᠠᠯᠭᠠᠭᠠᠳ᠂ | ᠲᠠᠶᠢᠹᠤᠰᠧ ᠬᠤᠰᠢᠭᠤᠨ ᠤ ᠬᠢᠨ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾ ︽ | ᠦᠨᠳᠦᠰᠦᠲᠡᠨ ᠤ ᠬᠠᠤᠯᠢ ᠪᠠᠷ ᠵᠠᠰᠠᠬᠤ ᠤᠬᠠᠭᠤᠯᠭ᠎ᠠ ᠶᠢᠨ ᠭᠠᠷᠠᠭ︾ ᠤᠨ ᠠᠵᠢᠯᠯᠠᠭ᠎ᠠ ᠪᠠᠷ ᠠᠵᠠ ᠲᠣᠬᠢᠶᠠᠯ | ᠪᠣᠯᠭᠠᠵᠤ᠂ ︽ᠨᠠᠢᠮᠠ ᠳᠤ ᠣᠷᠣᠭᠤᠯᠬᠤ︾ ᠪᠠᠷ ᠭᠠᠷᠳᠠᠴᠠ ᠪᠣᠯᠭᠠᠨ᠂ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠦᠢᠯᠡᠰ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠵᠤ᠂ ︽ᠬᠤᠶᠠᠷ ᠶᠡᠭᠡ ᠶᠠᠪᠤᠳᠠᠯ︾ ᠢ | ᠰᠠᠶᠢᠨ ᠬᠢᠬᠦ᠂ ︽ᠵᠢᠷᠭᠤᠭᠠᠨ ᠢᠨᠵᠧᠨᠧᠷᠢᠩ︾ ᠢ ᠬᠡᠷᠡᠭᠵᠢᠭᠦᠯᠬᠦ᠂ ︽ᠵᠢᠷᠭᠤᠭᠠᠨ ᠠᠵᠢᠯᠯᠠᠭ᠎ᠠ︾ ᠶᠢ ᠥᠷᠨᠢᠭᠦᠯᠬᠦ ᠳᠤ | ᠬᠦᠴᠦᠷᠭᠡᠭ ᠶᠡᠭᠡ ᠬᠥᠳᠡᠯᠭᠡᠬᠦ ᠬᠦᠴᠦᠨ ᠨᠡᠮᠡᠷᠢᠯᠡᠵᠦ᠂ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠵᠢᠱᠢᠶ᠎ᠡ ᠦᠵᠡᠭᠦᠯᠬᠦ ᠠᠶᠢᠮᠠᠭ ᠢ ᠡᠭᠦᠳᠦᠨ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠬᠦ ᠪᠠᠷ | ᠪᠠᠶᠢᠨ᠎ᠠ᠃ |