ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ —  ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾ ︽ᠦᠨᠳᠦᠰᠦᠲᠡᠨ ᠤ ᠬᠠᠤᠯᠢ ᠪᠠᠷ ᠵᠠᠰᠠᠬᠤ ᠤᠬᠠᠭᠤᠯᠭ᠎ᠠ ᠶᠢᠨ ᠭᠠᠷᠠᠭ︾ ᠤᠨ ᠠᠵᠢᠯᠯᠠᠭᠠᠨ ᠤ ᠡᠬᠢᠯᠡᠯᠲᠡ ᠶᠢᠨ ᠶᠣᠰᠣᠯᠠᠯ  ᠶᠠᠪᠤᠭᠳᠠᠭᠰᠠᠨ
ᠨᠡᠶᠢᠲᠡᠯᠡᠭᠰᠡᠨ ᠴᠠᠭ᠄
2025/5/22
  5 ᠰᠠᠷ᠎ᠠ ᠶᠢᠨ 21 ᠤ ᠡᠳᠦᠷ᠂ ︽ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ ᠪᠦᠯᠬᠦᠮᠳᠡᠨ ᠲᠡᠮᠡᠴᠡᠵᠦ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠬᠤ︾  ᠪᠠᠷ ᠭᠤᠤᠯ ᠰᠡᠳᠦᠪ ᠪᠤᠯᠭᠠᠭᠰᠠᠨ ᠲᠠᠶᠢᠹᠤᠰᠧ ᠬᠤᠰᠢᠭᠤᠨ ᠤ 2025 ᠣᠨ ᠤ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾ ︽ᠦᠨᠳᠦᠰᠦᠲᠡᠨ ᠤ ᠬᠠᠤᠯᠢ ᠪᠠᠷ ᠵᠠᠰᠠᠬᠤ ᠤᠬᠠᠭᠤᠯᠭ᠎ᠠ ᠶᠢᠨ ᠭᠠᠷᠠᠭ︾ ᠤᠨ  ᠠᠵᠢᠯᠯᠠᠭᠠᠨ ᠤ ᠡᠬᠢᠯᠡᠯᠲᠡ ᠶᠢᠨ ᠶᠣᠰᠣᠯᠠᠯ ᠤᠤ ᠱᠧᠩ ᠳ᠋ᠠ ᠲᠠᠯᠠᠪᠠᠶ ᠳᠤ ᠶᠠᠪᠤᠭᠳᠠᠵᠠᠢ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠰᠡᠴᠡᠨᠴᠣᠭᠲᠤ ᠡᠬᠢᠯᠡᠯᠲᠡ ᠶᠢᠨ ᠶᠣᠰᠣᠯᠠᠯ ᠳᠤ ᠤᠷᠤᠯᠴᠠᠨ ᠪᠠᠶᠠᠷ ᠤᠨ ᠦᠭᠡ ᠬᠡᠯᠡᠵᠦ᠂ ᠳᠡᠳ᠋ ᠬᠤᠰᠢᠭᠤ ᠳᠠᠷᠤᠭ᠎ᠠ ᠾᠧ ᠳ᠋ᠢᠩ ᠶᠣᠰᠣᠯᠠᠯ ᠢ ᠡᠷᠭᠢᠯᠡᠭᠰᠡᠨ ᠪᠥᠭᠡᠳ ᠠᠵᠢᠯᠯᠠᠭ᠎ᠠ ᠵᠢᠩᠬᠢᠨᠢ ᠪᠠᠷ ᠡᠬᠢᠯᠡᠭᠰᠡᠨ ᠢ ᠵᠠᠷᠯᠠᠪᠠ᠃ ᠬᠤᠰᠢᠭᠤᠨ ᠤ ᠬᠠᠮᠢᠶ᠎ᠠ ᠪᠦᠬᠦᠢ ᠰᠠᠯᠠᠭ᠎ᠠ ᠮᠥᠴᠢᠷ᠂ ᠰᠤᠮᠤ ᠰᠢᠶᠠᠩ ᠪᠠᠯᠭᠠᠰᠤ᠂ ᠨᠡᠶᠢᠭᠡᠮ ᠲᠣᠭᠤᠷᠢᠭ ᠤᠨ 300 ᠭᠠᠷᠤᠶ ᠺᠠᠳ᠋ᠷ ᠠᠵᠢᠯᠳᠠᠨ ᠪᠠ ᠰᠠᠭᠤᠭᠠᠯᠢ ᠠᠷᠠᠳ ᠡᠬᠢᠯᠡᠯᠲᠡ ᠶᠢᠨ ᠶᠣᠰᠣᠯᠠᠯ ᠳᠤ ᠣᠷᠣᠯᠴᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠢ ᠠᠬᠢᠭᠤᠯᠬᠤ ᠳᠤ  ᠬᠦᠴᠦᠨ ᠨᠡᠮᠡᠷᠢᠯᠡᠭᠰᠡᠨ ᠪᠠᠶᠢᠨ᠎ᠠ᠃ ᠶᠣᠰᠣᠯᠠᠯ ᠳᠡᠭᠡᠷ᠎ᠡ᠂ ᠬᠤᠰᠢᠭᠤ ᠤᠯᠠᠭᠠᠨᠮᠥ᠋ᠴᠢᠷ ᠤᠨ ᠬᠢᠨ ᠭᠤᠴᠤ ᠰᠠᠶᠢᠬᠠᠨ ᠲᠣᠭᠯᠠᠯᠲᠠ ᠭᠠᠷᠭᠠᠵᠤ᠂ ᠤᠷᠠᠯᠢᠭ ᠤᠨ ᠬᠡᠯᠪᠡᠷᠢ ᠪᠠᠷ ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠠᠶᠢᠷ᠎ᠠ ᠰᠡᠳᠬᠢᠯᠭᠡ ᠶᠢ ᠬᠠᠷᠠᠭᠤᠯᠤᠨ᠂ ᠰᠠᠶᠢᠨ ᠰᠠᠶᠢᠬᠠᠨ ᠠᠮᠢᠳᠤᠷᠠᠯ ᠢ ᠬᠠᠮᠲᠤ ᠪᠠᠷ ᠴᠣᠭᠴᠠᠯᠠᠬᠤ ᠢᠲᠡᠭᠡᠯ ᠵᠣᠷᠢᠭ ᠢ ᠢᠯᠡᠳᠬᠡᠪᠡ᠃ ᠬᠠᠮᠢᠶ᠎ᠠ ᠪᠥᠬᠦᠶ ᠰᠠᠯᠠᠭ᠎ᠠ ᠮᠥᠴᠢᠷ ᠤᠨ  ᠬᠢᠨ ᠤᠬᠠᠭᠤᠯᠭ᠎ᠠ ᠶᠢᠨ ᠰᠠᠮᠪᠠᠷ᠎ᠠ ᠪᠤᠰᠬᠠᠬᠤ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠠᠰᠠᠭᠤᠨ ᠯᠠᠪᠯᠠᠬᠤ ᠦᠢᠯᠡᠴᠢᠯᠡᠭᠡᠨ ᠤ ᠲᠠᠪᠴᠠᠩ ᠭᠠᠷᠭᠠᠬᠤ ᠮᠡᠳᠦ ᠶᠢᠨ ᠠᠷᠭ᠎ᠠ ᠬᠡᠯᠪᠡᠷᠢ ᠪᠠᠷ ᠣᠯᠠᠨ ᠲᠦᠮᠡᠨ ᠳᠤ ᠦᠨᠳᠦᠰᠦᠲᠡᠨ ᠤ ᠲᠥᠷᠥ ᠶᠢᠨ ᠪᠣᠳᠣᠯᠭ᠎ᠠ ᠪᠠ ᠬᠠᠤᠯᠢ ᠲᠦᠷᠢᠮ ᠤᠨ ᠮᠡᠳᠡᠯᠭᠡ ᠶᠢ     ᠤᠬᠠᠭᠤᠯᠵᠤ᠂ ᠨᠠᠮ ᠤᠨ ᠦᠨᠳᠦᠰᠦᠲᠡᠨ ᠤ ᠣᠨᠣᠯ ᠪᠠ ᠲᠥᠷᠥ ᠶᠢᠨ ᠪᠣᠳᠣᠯᠭ᠎ᠠ᠂ ᠬᠠᠤᠯᠢ ᠲᠦᠷᠢᠮ ᠢ ᠲᠦᠬᠡᠮᠡᠯᠵᠢᠬᠦᠯᠦᠭᠰᠡᠨ ᠪᠠᠶᠢᠨ᠎ᠠ᠃ ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂  ᠬᠤᠰᠢᠭᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ᠂ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ᠂ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠠᠴᠠ ᠭᠤᠤᠯᠯᠠᠨ ᠡᠷᠬᠢᠯᠡᠭᠰᠡᠨ ᠡᠨᠡ ᠤᠳᠠᠭᠠᠨ ᠤ ᠠᠵᠢᠯᠯᠠᠭ᠎ᠠ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠪᠠᠷ ᠭᠤᠣᠯ ᠰᠢᠵᠢᠮ ᠪᠣᠯᠭᠠᠵᠤ᠂ ᠨᠠᠮ ᠤᠨ ᠦᠨᠳᠦᠰᠦᠲᠡᠨ ᠤ ᠤᠨᠤᠯ ᠪᠠ ᠲᠦᠷᠦ ᠶᠢᠨ ᠪᠤᠳᠤᠯᠭ᠎ᠠ᠂ ᠬᠠᠤᠯᠢ ᠲᠦᠷᠢᠮ ᠤᠨ ᠤᠬᠠᠭᠤᠯᠭ᠎ᠠ ᠬᠥᠮᠦᠵᠢᠯ ᠢ ᠪᠦᠬᠦ ᠲᠠᠯ᠎ᠠ ᠪᠠᠷ ᠦᠷᠭᠡᠨ ᠲᠡᠯᠭᠡᠷ ᠦᠷᠨᠢᠬᠦᠯᠬᠦ ᠪᠠᠷ ᠲᠠᠮᠵᠢᠭᠠᠳ᠂ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠢ ᠵᠢᠯᠤᠭᠤᠳᠤᠨ ᠠᠨᠠᠷ ᠤᠨ ᠦᠷ᠎ᠡ ᠮᠡᠳᠦ ᠨᠢᠬᠳᠠᠷᠠᠨ ᠪᠦᠯᠬᠦᠮᠳᠡᠬᠦᠯᠬᠦ ᠪᠠᠷ ᠵᠤᠷᠢᠯᠭ᠎ᠠ ᠪᠤᠯᠭᠠᠵᠠᠢ᠃ ᠵᠠᠯᠭᠠᠭᠠᠳ᠂ ᠲᠠᠶᠢᠹᠤᠰᠧ ᠬᠤᠰᠢᠭᠤᠨ ᠤ ᠬᠢᠨ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾ ︽ᠦᠨᠳᠦᠰᠦᠲᠡᠨ ᠤ ᠬᠠᠤᠯᠢ ᠪᠠᠷ ᠵᠠᠰᠠᠬᠤ ᠤᠬᠠᠭᠤᠯᠭ᠎ᠠ ᠶᠢᠨ ᠭᠠᠷᠠᠭ︾ ᠤᠨ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ︽ᠨᠠᠢᠮᠠ ᠳᠤ ᠣᠷᠣᠭᠤᠯᠬᠤ︾ ᠪᠠᠷ ᠭᠠᠷᠳᠠᠴᠠ ᠪᠣᠯᠭᠠᠨ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠵᠤ᠂ ︽ᠬᠤᠶᠠᠷ ᠶᠡᠭᠡ ᠶᠠᠪᠤᠳᠠᠯ︾ ᠢ ᠰᠠᠶᠢᠨ ᠬᠢᠬᠦ᠂ ︽ᠵᠢᠷᠭᠤᠭᠠᠨ ᠢᠨᠵᠧᠨᠧᠷᠢᠩ︾ ᠢ ᠬᠡᠷᠡᠭᠵᠢᠭᠦᠯᠬᠦ᠂ ︽ᠵᠢᠷᠭᠤᠭᠠᠨ ᠠᠵᠢᠯᠯᠠᠭ᠎ᠠ︾ ᠶᠢ ᠥᠷᠨᠢᠭᠦᠯᠬᠦ ᠳᠤ ᠬᠦᠴᠦᠷᠭᠡᠭ ᠶᠡᠭᠡ ᠬᠥᠳᠡᠯᠭᠡᠬᠦ ᠬᠦᠴᠦᠨ ᠨᠡᠮᠡᠷᠢᠯᠡᠵᠦ᠂ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠠᠶᠢᠮᠠᠭ ᠢ ᠡᠭᠦᠳᠦᠨ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠬᠦ ᠪᠠᠷ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号