ᠯᠦᠸᠧ ᠲᠦᠸᠧ ᠱᠠᠨ ᠪᠠᠯᠭᠠᠰᠤ ︽ᠶᠢᠰᠦᠨ ᠪᠠᠭ᠎ᠠ ᠲᠠᠯᠠᠪᠤᠷ︾ ᠤᠨ ᠠᠶᠤᠯᠭᠦᠶ ᠦᠢᠯᠡᠳᠪᠦᠷᠢᠯᠡᠯ ᠤᠨ ᠬᠡᠮ ᠰᠣᠭᠤᠭ ᠢ ᠪᠠᠶᠢᠴᠠᠭᠠᠬᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2025/5/22
   ︽ᠶᠢᠰᠦᠨ ᠪᠠᠭ᠎ᠠ ᠲᠠᠯᠠᠪᠣᠷ︾ ᠤᠨ ᠠᠮᠣᠷ ᠲᠦᠪᠰᠢᠨ ᠤ ᠬᠠᠮᠢᠶᠡᠷᠣᠯᠲᠡ ᠶᠢᠨ ᠠᠵᠢᠯ ᠢ ᠣᠯᠠᠮ ᠴᠢᠩᠭᠠᠳᠬᠠᠨ᠂ ᠠᠮᠣᠷ ᠲᠦᠪᠰᠢᠨ ᠤ ᠬᠡᠮ ᠰᠣᠭᠤᠭ ᠢ ᠪᠦᠬᠦ ᠲᠠᠯ᠎ᠠ ᠪᠠᠷ ᠪᠠᠶᠢᠴᠠᠭᠠᠨ ᠴᠡᠭᠴᠡᠯᠡᠵᠦ  ᠂ ᠣᠯᠠᠨ ᠲᠦᠮᠡᠨ ᠤ ᠠᠮᠣᠷ ᠲᠦᠪᠰᠢᠨ ᠤ ᠦᠵᠡᠯ ᠣᠬᠠᠮᠰᠡᠷ ᠢ ᠲᠡᠭᠡᠭᠰᠢᠯᠡᠬᠦᠯᠦᠨ᠂ ᠠᠮᠣᠷ ᠢ ᠬᠠᠮᠠᠭᠠᠯᠠᠬᠤ ᠬᠠᠮᠢᠶᠡᠷᠣᠯᠲᠡ ᠶᠢᠨ ᠲᠣᠳᠠᠭᠤᠳᠠᠯ ᠢ ᠨᠦᠬᠦᠪᠦᠷᠢᠯᠡᠵᠦ᠂ ︽ᠠᠮᠣᠷ ᠲᠦᠪᠰᠢᠨ ᠰᠡᠷᠭᠡᠶᠢᠯᠡᠯᠳᠡ ᠶᠢᠨ ᠬᠡᠷᠡᠮ︾ ᠢ ᠪᠠᠳᠤ ᠴᠤᠭᠴᠠᠯᠠᠬᠤ ᠶᠢᠨ ᠲᠦᠯᠦᠭᠡ᠂ 5 ᠰᠠᠷ᠎ᠠ ᠶᠢᠨ 20 ᠤ ᠡᠳᠦᠷ ᠯᠦᠸᠧ ᠲᠦᠸᠧ ᠱᠠᠨ ᠪᠠᠯᠭᠠᠰᠤᠨ ᠤ ᠵᠠᠰᠠᠭ ᠤᠨ ᠣᠷᠳᠣᠨ ᠨᠢ ᠪᠠᠯᠭᠠᠰᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠪᠤᠷᠢ ᠲᠠᠢ ᠬᠠᠮᠲᠤᠷᠠᠨ ᠬᠠᠷᠢᠶ᠎ᠠ ᠣᠷᠣᠨ ᠤ ᠪᠠᠨ ᠬᠤᠭᠤᠯᠠᠨ ᠭᠡᠷ᠂ ᠳᠡᠯᠭᠡᠭᠦᠷ ᠬᠤᠳᠠᠯᠳᠤᠭ᠎ᠠ ᠵᠡᠷᠭᠡ ︽ᠶᠢᠰᠦᠨ ᠪᠠᠭ᠎ᠠ ᠲᠠᠯᠠᠪᠤᠷ︾ ᠲᠤ ᠭᠦᠨᠵᠡᠭᠡᠶᠢᠷᠡᠵᠦ᠂ ᠠᠶᠤᠯᠭᠦᠢ ᠦᠢᠯᠡᠳᠪᠦᠷᠢᠯᠡᠯ ᠤᠨ ᠭᠡᠮ ᠰᠤᠭᠤᠭ ᠢ ᠪᠠᠶᠢᠴᠠᠭᠠᠭᠰᠠᠨ ᠪᠠᠶᠢᠨ᠎ᠠ᠃ ᠪᠠᠶᠢᠴᠠᠭᠠᠬᠤ ᠳᠤᠭᠤᠶᠢᠯᠠᠩ ᠤᠨ ᠬᠢᠨ ︽ᠶᠢᠰᠦᠨ ᠪᠠᠭ᠎ᠠ ᠲᠠᠯᠠᠪᠤᠷ︾ ᠤᠨ ᠭᠠᠯ ᠬᠡᠷᠡᠭᠯᠡᠬᠦ᠂ ᠴᠠᠬᠢᠯᠭᠠᠨ ᠬᠡᠷᠡᠭᠯᠡᠬᠦ᠂ ᠬᠡᠢ ᠬᠡᠷᠡᠭᠯᠡᠬᠦ ᠵᠡᠷᠭᠡ ᠠᠮᠤᠷ ᠲᠦᠪᠰᠢᠨ ᠤ ᠬᠡᠮ ᠰᠣᠭᠤᠭ ᠶᠢ ᠭᠤᠤᠯᠳᠠᠯᠭ᠎ᠠ ᠲᠠᠢ ᠪᠠᠶᠢᠴᠠᠭᠠᠵᠤ᠂ ᠭᠠᠯ ᠤᠨᠲᠠᠷᠠᠭᠠᠬᠤ ᠪᠠᠭᠠᠵᠢ ᠲᠦᠬᠦᠭᠡᠷᠦᠮᠵᠢ ᠨᠢ ᠪᠦᠷᠢᠨ ᠪᠦᠲᠦᠨ ᠡᠰᠡᠬᠦ᠂  ᠠᠶᠤᠯ ᠠᠴᠠ ᠵᠠᠶᠢᠯᠠᠬᠤ ᠵᠠᠮ ᠨᠢ ᠰᠠᠭᠠᠳ ᠥᠬᠡᠶ ᠨᠡᠪᠳᠡᠷᠡᠬᠦ ᠡᠰᠡᠬᠦ᠂ ᠢᠳᠡᠭᠡᠨ ᠤᠮᠳᠠᠭᠠᠨ ᠪᠠ ᠡᠮ ᠲᠠᠩ ᠤᠨ ᠬᠠᠳᠠᠭᠠᠯᠠᠯᠲᠠ ᠨᠢ ᠲᠦᠷᠢᠮᠵᠢᠬᠦᠨ ᠡᠰᠡᠬᠦ ᠵᠡᠷᠭᠡ ᠶᠢ ᠨᠠᠷᠢᠨ ᠨᠢᠮᠪᠠᠶ ᠪᠠᠶᠢᠴᠠᠭᠠᠨ ᠦᠵᠡᠵᠡᠢ᠃  ᠪᠠᠶᠢᠴᠠᠭᠠᠯᠳᠠ ᠶᠢᠨ ᠶᠠᠪᠤᠴᠠ ᠳᠤ ᠢᠯᠡᠷᠡᠭᠰᠡᠨ ᠠᠮᠤᠷ ᠲᠦᠪᠰᠢᠨ ᠤ ᠠᠰᠠᠭᠤᠳᠠᠯ ᠳᠤ ᠴᠢᠭᠯᠡᠬᠦᠯᠵᠦ᠂ ᠠᠬᠤᠢ ᠲᠠᠯᠠᠪᠠᠢ  ᠳᠤ ᠴᠡᠭᠴᠡᠯᠡᠨ ᠰᠠᠶᠢᠵᠢᠷᠠᠭᠤᠯᠬᠤ ᠰᠠᠨᠠᠯ ᠲᠤᠷᠠᠳᠤᠭᠰᠠᠨ ᠤ ᠬᠠᠮᠲᠤ  ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠲᠤᠷᠠᠳᠪᠠ᠃ ᠪᠠᠶᠢᠴᠠᠭᠠᠬᠤ ᠶᠠᠪᠤᠴᠠ ᠳᠤ ᠠᠵᠢᠯᠲᠠᠳ ᠪᠠᠰᠠ ︽ᠶᠢᠰᠦᠨ ᠪᠠᠭ᠎ᠠ ᠲᠠᠯᠠᠪᠤᠷ︾ ᠤᠨ ᠬᠠᠷᠢᠭᠤᠴᠠᠯᠭᠠᠲᠠᠨ ᠳᠤ ᠠᠶᠤᠯᠭᠦᠢ ᠦᠢᠯᠡᠳᠪᠦᠷᠢᠯᠡᠯ ᠤᠨ ᠴᠢᠬᠤᠯᠠ ᠴᠢᠨᠠᠷ ᠢ ᠤᠬᠠᠭᠤᠯᠵᠤ᠂ ᠲᠡᠳᠡᠨ ᠢ ᠤᠷᠤᠰᠢᠵᠤ ᠪᠠᠶᠢᠭ᠎ᠠ ᠠᠰᠠᠭᠤᠳᠠᠯ ᠢᠶᠠᠨ ᠡᠷᠬᠡᠪᠰᠢ ᠴᠠᠭ ᠲᠤᠬᠠᠢ ᠳᠤᠨᠢ ᠴᠡᠭᠴᠡᠯᠡᠨ᠂ ᠴᠠᠭ ᠢᠮᠠᠭᠲᠠ ᠰᠣᠨᠣᠷ ᠰᠡᠷᠡᠮᠵᠢ ᠲᠠᠢ ᠪᠠᠶᠢᠵᠤ᠂ ᠪᠠᠶᠢᠩᠭᠤ ᠶᠢᠨ ᠴᠢᠨᠠᠷᠳᠠᠢ ᠪᠠᠶᠢᠴᠠᠭᠠᠯᠲᠠ ᠶᠢ ᠴᠢᠩᠭᠠᠳᠬᠠᠨ᠂ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠡᠵᠡᠩᠨᠡᠯᠲᠡ ᠶᠢᠨ  ᠠᠵᠢᠯᠯᠠᠭᠠᠨ ᠤ ᠠᠮᠤᠷ ᠲᠦᠪᠰᠢᠨ ᠡᠮᠬᠢ ᠳᠢᠭᠯᠢᠮ ᠲᠠᠢ ᠪᠠᠶᠢᠬᠤ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠭᠰᠠᠨ ᠪᠠᠶᠢᠨ᠎ᠠ᠃ ᠲᠠᠷᠠᠭᠠᠴᠢ ᠶᠢᠨ ᠠᠯᠬᠤᠮ ᠳᠤ᠂  ᠯᠦᠸᠧ ᠲᠦᠸᠧ ᠱᠠᠨ ᠪᠠᠯᠭᠠᠰᠤ ᠨᠢ ︽ᠶᠢᠰᠦᠨ ᠪᠠᠭ᠎ᠠ ᠲᠠᠯᠠᠪᠤᠷ︾ ᠤᠨ ᠠᠮᠤᠷ ᠲᠦᠪᠰᠢᠨ ᠤ ᠬᠡᠮ ᠰᠣᠭᠤᠭ ᠢ ᠪᠠᠶᠢᠴᠠᠭᠠᠨ ᠴᠡᠭᠴᠡᠯᠡᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ︽ᠡᠷᠬᠢᠨ ᠬᠠᠷᠠᠬᠤ︾ ᠠᠵᠢᠯᠯᠠᠭ᠎ᠠ ᠶᠢ ᠲᠣᠭᠲᠠᠮᠠᠯ ᠪᠤᠰᠤ ᠬᠤᠭᠤᠴᠠᠭ᠎ᠠ ᠲᠠᠢ ᠦᠷᠨᠢᠬᠦᠯᠦᠨ᠂ ᠬᠡᠮ ᠰᠣᠭᠤᠭ ᠤᠨ ᠴᠡᠭᠴᠡᠯᠡᠯᠳᠡ ᠶᠢ ᠪᠣᠳᠠᠲᠠᠶ ᠳᠤ ᠨᠠᠶᠢᠳᠠᠪᠤᠷᠢᠵᠢᠭᠤᠯᠵᠤ᠂ ᠠᠶᠤᠯᠭᠦᠶ ᠦᠢᠯᠡᠳᠪᠦᠷᠢᠯᠡᠯ ᠤᠨ ᠰᠡᠷᠭᠡᠶᠢᠯᠡᠯᠲᠡ ᠶᠢᠨ ᠱᠤᠭᠤᠮ ᠢ ᠪᠠᠳᠤ ᠴᠤᠭᠴᠠᠯᠠᠨ᠂ ᠠᠷᠠᠳ ᠤᠯᠠᠨ ᠳᠤ ᠠᠮᠤᠷ ᠲᠣᠭᠲᠠᠭᠤᠨ ᠠᠮᠢᠳᠤᠷᠠᠯ ᠤᠨ ᠣᠷᠴᠢᠨ ᠨᠦᠬᠦᠴᠡᠯ ᠢ ᠬᠠᠩᠭᠠᠬᠤ ᠪᠠᠷ ᠪᠠᠶᠢᠨ᠎ᠠ᠃
 
ᠢᠷᠡᠯᠲᠡ᠄ ᠯᠦᠸᠧ ᠲᠦᠸᠧ ᠱᠠᠨ ᠪᠠᠯᠭᠠᠰᠤᠨ  ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号