ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ | ᠴᠢᠬᠤᠯᠠ ᠦᠵᠡᠯ ᠰᠠᠨᠠᠭ᠎ᠠ ᠪᠣᠯᠤᠨ ᠥᠪᠥᠷ ᠮᠣᠩᠭᠤᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ | ᠵᠣᠷᠢᠭ ᠰᠠᠨᠠᠭ᠎ᠠ ᠶᠢ ᠤᠯᠠᠮ ᠬᠦᠨᠵᠡᠬᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠡᠭᠦᠳᠦᠨ ᠪᠠᠶᠢᠭᠤᠯᠬᠤ ᠠᠵᠢᠯ ᠢ ᠯᠠᠪᠳᠠᠭᠤᠨ ᠪᠠᠲᠤᠲᠠᠶ ᠠᠬᠢᠭᠤᠯᠤᠨ᠂ ᠨᠠᠮ ᠤᠨ ᠦᠨᠳᠦᠰᠦᠲᠡᠨ ᠤ | ᠣᠨᠣᠯ ᠲᠥᠷᠥ ᠶᠢᠨ ᠪᠣᠳᠣᠯᠭ᠎ᠠ ᠪᠣᠯᠤᠨ ᠬᠠᠤᠯᠢ ᠴᠠᠭᠠᠵᠠ ᠲᠦᠷᠢᠮ ᠲᠣᠭᠲᠠᠭᠠᠯ ᠤᠨ ᠤᠬᠠᠭᠤᠯᠭ᠎ᠠ ᠶᠢ | ᠴᠢᠩᠭᠠᠳᠬᠠᠬᠤ ᠶᠢᠨ ᠲᠥᠯᠥᠭᠡ᠂ ᠣᠶᠢᠷ᠎ᠠ ᠳᠤ ᠲᠠᠶᠢᠹᠤᠰᠧ ᠬᠤᠰᠢᠭᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ | ᠨᠢ ᠺᠠᠳ᠋ᠷ ᠠᠵᠢᠯᠳᠠᠳ ᠪᠠ ᠡᠮᠡᠭᠳᠡᠢ ᠰᠠᠶᠢᠨ ᠳᠤᠷ᠎ᠠ ᠶᠢᠨ ᠦᠢᠯᠡᠴᠢᠯᠡᠭᠴᠢᠳ ᠢ ᠵᠣᠬᠢᠶᠠᠨ ᠪᠠᠶᠢᠭᠤᠯᠵᠤ 2025 | ᠣᠨ ᠤ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾ ︽ᠦᠨᠳᠦᠰᠦᠲᠡᠨ ᠤ | ᠬᠠᠤᠯᠢ ᠪᠠᠷ ᠵᠠᠰᠠᠬᠤ ᠤᠬᠠᠭᠤᠯᠭ᠎ᠠ ᠶᠢᠨ ᠭᠠᠷᠠᠭ︾ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ ᠠᠬᠤᠢ | ᠲᠠᠯᠠᠪᠠᠶ ᠳᠤ ᠠᠰᠠᠭᠤᠨ ᠯᠠᠪᠯᠠᠬᠤ ᠲᠠᠪᠴᠠᠩ ᠭᠠᠷᠭᠠᠬᠤ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠲᠥᠷᠥ ᠶᠢᠨ | ᠪᠣᠳᠣᠯᠭ᠎ᠠ ᠶᠢ ᠲᠠᠶᠢᠯᠪᠤᠷᠢᠯᠠᠬᠤ᠂ ᠬᠡᠷᠡᠭ ᠤᠨ ᠵᠢᠱᠢᠶ᠎ᠡ ᠶᠢ ᠶᠠᠷᠢᠬᠤ ᠵᠡᠷᠭᠡ ᠬᠡᠯᠪᠡᠷᠢ ᠪᠠᠷ ᠣᠯᠠᠨ ᠲᠦᠮᠡᠨ ᠳᠤ | ᠦᠨᠳᠦᠰᠦᠲᠡᠨ ᠤ ᠲᠥᠷᠥ ᠶᠢᠨ ᠪᠣᠳᠣᠯᠭ᠎ᠠ ᠪᠠ ᠬᠠᠤᠯᠢ ᠲᠦᠷᠢᠮ ᠢ ᠲᠦᠭᠡᠮᠡᠯᠵᠢᠭᠦᠯᠵᠡᠶ᠃ ᠡᠭᠦᠨ ᠤ ᠬᠠᠮᠲᠤ ︽ᠭᠡᠷ | ᠪᠦᠯᠢ ᠶᠢᠨ ᠬᠥᠮᠦᠵᠢᠯ ᠢ ᠠᠬᠢᠭᠤᠯᠬᠤ ᠬᠠᠤᠯᠢ︾ ︽ᠭᠡᠷ ᠪᠦᠯᠢ ᠶᠢᠨ ᠬᠦᠴᠦᠷᠬᠡᠭᠯᠡᠯ ᠢ ᠡᠰᠡᠷᠭᠦᠴᠡᠬᠦ ᠬᠠᠤᠯᠢ︾ ︽ | ᠡᠮᠡᠭᠲᠡᠶᠢᠴᠦᠳ ᠤᠨ ᠡᠷᠬᠡ ᠠᠰᠢᠭ ᠢ ᠬᠠᠮᠠᠭᠠᠯᠠᠬᠤ ᠬᠠᠤᠯᠢ︾ ᠵᠡᠷᠭᠡ ᠡᠮᠡᠭᠲᠡᠶᠢᠴᠦᠳ ᠤᠨ ᠠᠵᠢᠯ ᠠᠮᠢᠳᠤᠷᠠᠯ ᠯᠤᠭ᠎ᠠ | ᠨᠢᠬᠳᠠ ᠬᠤᠯᠪᠤᠭᠳᠠᠭᠰᠠᠨ ᠬᠠᠤᠯᠢ ᠲᠦᠷᠢᠮ ᠢ ᠤᠬᠠᠭᠤᠯᠵᠤ᠂ ᠬᠡᠷᠡᠭ ᠤᠨ ᠵᠢᠱᠢᠶ᠎ᠡ ᠪᠠᠷ ᠬᠠᠤᠯᠢ ᠴᠠᠭᠠᠵᠠ ᠶᠢ | ᠲᠠᠶᠢᠯᠪᠤᠷᠢᠯᠠᠨ᠂ ᠦᠷᠭᠡᠨ ᠤᠯᠠᠨ ᠡᠮᠡᠭᠳᠡᠶᠢᠴᠤᠳ ᠤᠨ ᠡᠷᠬᠡ ᠠᠰᠢᠭ ᠢᠶᠠᠨ ᠬᠠᠮᠠᠭᠠᠯᠠᠬᠤ ᠪᠠ ᠥᠪᠡᠷ ᠢ ᠪᠠᠨ | ᠬᠠᠮᠠᠭᠠᠯᠠᠬᠤ ᠤᠬᠠᠮᠰᠠᠷ ᠢ ᠴᠢᠩᠭᠠᠳᠬᠠᠪᠠ᠃ ᠲᠠᠷᠠᠭᠠᠴᠢ ᠶᠢᠨ ᠠᠯᠬᠤᠮ ᠳᠤ᠂ ᠬᠤᠰᠢᠭᠤᠨ ᠤ ᠡᠮᠡᠭᠲᠡᠶᠢᠴᠦᠳ ᠤᠨ | ᠬᠤᠯᠪᠤᠭ᠎ᠠ ᠨᠢ ᠤᠬᠠᠭᠤᠯᠭ᠎ᠠ ᠶᠢᠨ ᠠᠭᠤᠯᠭ᠎ᠠ ᠪᠠᠨ ᠪᠠᠶᠠᠯᠢᠭᠵᠢᠭᠤᠯᠵᠤ᠂ ᠤᠬᠠᠭᠤᠯᠭ᠎ᠠ ᠶᠢᠨ ᠬᠡᠯᠪᠡᠷᠢ ᠶᠢ ᠰᠢᠨᠡᠴᠢᠯᠡᠨ᠂ | ᠦᠨᠳᠦᠰᠦᠲᠡᠨ ᠤ ᠪᠦᠯᠬᠦᠮᠳᠡᠯ ᠤᠨ ᠬᠠᠮᠢᠶᠠᠳᠠᠢ ᠤᠬᠠᠭᠤᠯᠭ᠎ᠠ ᠶᠢᠨ ᠠᠵᠢᠯᠯᠠᠭ᠎ᠠ ᠶᠢ ᠪᠠᠶᠢᠩᠭᠤ ᠥᠷᠨᠢᠭᠦᠯᠵᠦ᠂ | ᠡᠮᠡᠭᠲᠡᠶᠢᠴᠦᠳ ᠢ ᠵᠢᠯᠤᠭᠤᠳᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠬᠠᠮᠠᠭᠠᠯᠠᠬᠤ᠂ ᠨᠡᠶᠢᠭᠡᠮ ᠤᠨ ᠡᠶ᠎ᠡ | ᠵᠣᠬᠢᠴᠠᠯ ᠢ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠬᠦ ᠪᠠᠷ ᠪᠠᠶᠢᠨ᠎ᠠ᠃ |