ᠭᠠᠵᠠᠷ ᠳᠣᠣᠷᠠᠬᠢ ᠲᠤᠤᠷ ᠬᠤᠭᠤᠯᠠᠢ ᠨᠢ ᠬᠤᠲᠠ ᠪᠠᠯᠭᠠᠰᠤᠨ ᠤ ᠠᠮᠢᠨ ᠰᠤᠳᠠᠰᠤ ᠦᠬᠡᠷ᠎ᠡ ᠦᠬᠡᠢ ᠪᠠᠶᠢᠵᠤ ᠂ | ᠲᠦᠭ ᠲᠦᠮᠡᠨ ᠠᠶᠢᠯ ᠡᠷᠦᠬᠡ ᠶᠢᠨ ᠡᠳᠦᠷ ᠳᠣᠳᠣᠮ ᠤᠨ ᠠᠵᠤ ᠠᠮᠢᠳᠤᠷᠠᠯ ᠯᠤᠭ᠎ᠠ ᠬᠤᠯᠪᠤᠭᠳᠠᠳᠠᠭ᠃ ᠤᠶᠢᠷ᠎ᠠ ᠶᠢᠨ | ᠡᠳᠦᠷ ᠲᠤ ᠲᠠᠶᠢᠹᠤᠰᠧ ᠬᠤᠰᠢᠭᠤᠨ ᠤ ᠭᠠᠵᠠᠷ ᠳᠣᠣᠷᠠᠬᠢ ᠲᠤᠤᠷ ᠬᠤᠭᠤᠯᠠᠢ ᠶᠢᠨ ᠦᠬᠡᠷᠡᠴᠢᠯᠡᠯᠳᠡ ᠶᠢᠨ ᠠᠵᠢᠯ | ᠲᠤᠭᠳᠠᠭᠰᠠᠨ ᠴᠠᠭ ᠲᠠᠭᠠᠨ ᠡᠬᠢᠯᠡᠭᠡᠳ ᠪᠤᠤᠴᠠᠩ ᠪᠠᠯᠭᠠᠰᠤᠨ ᠤ ᠭᠡᠰᠡᠭ ᠰᠠᠭᠤᠭᠠᠯᠢ ᠲᠣᠭᠤᠷᠢᠭ ᠲᠤ ᠪᠠᠷᠢᠯᠭ᠎ᠠ ᠶᠢᠨ | ᠮᠠᠰᠢᠨ ᠰᠦᠯᠵᠢᠯᠳᠦᠵᠦ᠂ ᠪᠦᠳᠦᠭᠡᠨ ᠪᠠᠶᠢᠭᠤᠯᠤᠯᠲᠠ ᠶᠢᠨ ᠠᠶ᠎ᠠ ᠲᠠᠭᠤᠤ ᠴᠤᠤᠷᠢᠶᠠᠳᠤᠨ᠎ᠠ᠃ | ᠣᠶᠢᠯᠠᠭᠠᠭᠰᠠᠨ ᠢᠶᠠᠷ᠂ ᠡᠨᠡ ᠤᠳᠠᠭᠠᠨ ᠤ ᠲᠤᠤᠷ ᠬᠤᠭᠤᠯᠠᠶ ᠶᠢᠨ ᠥᠭᠡᠷᠡᠴᠢᠯᠡᠯᠲᠡ ᠨᠢ ᠢ ᠮᠢᠨ ᠲᠣᠭᠤᠷᠢᠭ᠂ | ᠭᠤᠸᠠᠩ ᠮᠢᠩ ᠲᠣᠭᠤᠷᠢᠭ᠂ ᠶᠠᠩ ᠭᠤᠸᠠᠩ ᠲᠤᠭᠤᠷᠢᠭ ᠵᠡᠷᠭᠡ 10 ᠰᠠᠭᠤᠭᠠᠯᠢ ᠲᠣᠭᠤᠷᠢᠭ ᠲᠤ ᠬᠤᠯᠪᠣᠭᠳᠠᠵᠤ᠂ | ᠨᠡᠶᠢᠳᠡ 10582.1 ᠮᠧᠲᠷ ᠤᠰᠤ ᠬᠠᠩᠭᠠᠬᠤ ᠬᠤᠭᠤᠯᠠᠶ᠂ 21487 ᠮᠧᠲᠷ ᠤᠰᠤ ᠭᠠᠳᠠᠭᠰᠢᠯᠠᠭᠤᠯᠬᠤ | ᠬᠤᠭᠤᠯᠠᠶ᠂ 12443 ᠮᠧᠲᠷ ᠰᠢᠲᠠᠮᠠᠬᠠᠶ ᠬᠡᠶ ᠶᠢᠨ ᠬᠤᠭᠤᠯᠠᠶ ᠂ 22402.36 ᠮᠧᠲᠷ ᠢᠯᠴᠢ ᠬᠠᠩᠭᠠᠬᠤ | ᠬᠤᠭᠤᠯᠠᠶ ᠶᠢ ᠰᠤᠯᠢᠵᠤ ᠰᠢᠨᠡᠳᠬᠡᠬᠦ ᠪᠠᠷ ᠲᠦᠯᠦᠪᠯᠡᠵᠡᠢ᠃ | ᠪᠠᠷᠢᠯᠭ᠎ᠠ ᠶᠢᠨ ᠠᠩᠭᠢ ᠶᠢᠨ ᠬᠠᠷᠢᠭᠤᠴᠠᠯᠭᠠᠲᠠᠨ ᠭᠤᠤ ᠶᠠᠨ ᠯᠦᠩ ᠄ ︽ᠡᠨᠡ ᠤᠳᠠᠭ᠎ᠠ ᠤᠰᠤ | ᠲᠠᠲᠠᠷᠠᠭᠤᠯᠬᠤ ᠬᠤᠭᠤᠯᠠᠶ ᠶᠢ ᠰᠢᠨᠡᠳᠭᠡᠵᠦ᠂ ᠤᠰᠤ ᠲᠠᠲᠠᠷᠠᠭᠤᠯᠬᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠪᠣᠯᠤᠨ᠎ᠠ᠂ | ᠪᠠᠷᠢᠯᠭ᠎ᠠ ᠶᠢᠨ ᠠᠬᠢᠴᠠ ᠶᠢ ᠪᠠᠲᠤᠯᠠᠬᠤ ᠶᠢᠨ ᠲᠥᠯᠥᠭᠡ ᠪᠢᠳᠡ ᠴᠠᠭ ᠨᠡᠮᠡᠨ ᠠᠵᠢᠯᠯᠠᠵᠤ ᠪᠤᠢ᠂ ᠲᠤᠭᠳᠠᠭᠰᠠᠨ | ᠴᠠᠭ ᠲᠤ ᠠᠵᠢᠯ ᠶᠢᠨ ᠯᠠᠪᠳᠠᠢ ᠲᠠᠭᠤᠰᠬᠠᠨ᠎ᠠ︾᠃ | ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠤᠪᠴᠢᠶᠠᠨ ᠤ | ᠬᠠᠷᠢᠭᠤᠴᠠᠯᠭᠠᠲᠠᠨ ᠰᠢᠤᠢ ᠰᠢᠶᠠᠩ ᠯᠢᠨ᠄ ︽ᠪᠠᠷᠢᠯᠭ᠎ᠠ ᠶᠢᠨ ᠠᠵᠢᠯ ᠤᠨ ᠤᠷᠤᠭᠰᠢᠲᠠᠶ ᠶᠠᠪᠤᠭᠳᠠᠬᠤ ᠶᠢ | ᠪᠠᠲᠤᠯᠠᠬᠤ ᠶᠢᠨ ᠲᠥᠯᠥᠭᠡ᠂ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠣᠪᠴᠢᠶ᠎ᠠ ᠨᠢ ᠰᠠᠭᠤᠭᠠᠯᠢ ᠠᠷᠠᠳ ᠤᠨ ᠰᠠᠨᠠᠯ ᠰᠠᠨᠠᠭᠤᠯᠭ᠎ᠠ ᠶᠢ ᠰᠣᠨᠣᠰᠴᠤ ︿ᠰᠠᠭᠤᠭᠠᠯᠢ | ᠠᠷᠠᠳ ᠤᠨ ᠬᠢᠨᠠᠯᠲᠠ ᠲᠠᠯᠪᠢᠬᠤ ᠸᠢᠴᠠᠲ ᠬᠤᠯᠪᠤᠭ᠎ᠠ﹀ ᠶᠢ ᠪᠠᠶᠢᠭᠤᠯᠤᠨ᠂ ᠪᠠᠷᠢᠯᠭ᠎ᠠ ᠶᠢᠨ ᠠᠬᠢᠴᠠ ᠶᠢ ᠡᠳᠦᠷ | ᠪᠦᠷᠢ ᠬᠤᠯᠪᠤᠭᠠᠨ ᠳᠤ ᠨᠡᠶᠢᠲᠡᠯᠡᠵᠦ᠂ ᠰᠠᠭᠤᠭᠠᠯᠢ ᠠᠷᠠᠳ ᠤᠨ ᠳᠤᠷᠠᠳᠤᠭᠰᠠᠨ ᠠᠰᠠᠭᠤᠳᠠᠯ ᠪᠠ ᠬᠦᠰᠡᠯ | ᠱᠠᠭᠠᠷᠳᠠᠯᠭ᠎ᠠ ᠳᠤ ᠴᠠᠭ ᠲᠤᠬᠠᠢ ᠳᠤᠨᠢ ᠬᠠᠷᠢᠭᠤᠯᠳᠠ ᠦᠭᠳᠡᠭ︾᠃ | ᠠᠳᠠᠯ ᠠᠬᠤᠢ ᠶᠢᠨ ᠦᠢᠯᠡᠴᠢᠯᠡᠭᠡᠨ ᠤ ᠭᠠᠵᠠᠷ ᠤᠨ ᠳᠠᠭᠠᠭᠠᠮᠠᠯ ᠯᠢᠦ ᠯᠠᠢ ᠮᠢᠩ᠄ ︽ᠥᠩᠭᠡᠷᠡᠭᠰᠡᠨ ᠳᠤ | ᠲᠤᠤᠷ ᠬᠤᠭᠤᠯᠠᠢ ᠪᠠᠷ ᠤᠰᠤ ᠭᠤᠭᠤᠵᠢᠬᠤ᠂ ᠢᠯᠴᠢ ᠬᠠᠩᠭᠠᠯᠭ᠎ᠠ ᠬᠦᠷᠦᠯᠴᠡᠬᠦ ᠦᠬᠡᠢ ᠵᠡᠷᠭᠡ ᠠᠰᠠᠭᠤᠳᠠᠯ ᠠᠴᠠ | ᠪᠣᠯᠵᠤ᠂ ᠵᠠᠷᠭᠤ ᠵᠠᠭᠠᠯᠳᠤᠯᠭ᠎ᠠ ᠵᠦᠩᠳᠡᠭᠡᠨ ᠭᠠᠷᠳᠠᠭ᠃ ᠤᠳᠤ ᠶᠢᠨ ᠤᠭᠰᠠᠷᠠᠵᠤ ᠪᠠᠶᠢᠭ᠎ᠠ ᠰᠢᠨ᠎ᠡ ᠲᠤᠤᠷ | ᠬᠤᠭᠤᠯᠠᠢ ᠨᠢ ᠮᠠᠰᠢ ᠴᠢᠨᠠᠷ ᠰᠠᠶᠢᠲᠠᠢ ᠪᠤᠯᠬᠤᠷ ᠬᠤᠶᠢᠰᠢᠳᠠ ᠡᠶᠢᠮᠦ ᠶᠠᠪᠤᠳᠠᠯ ᠪᠠᠷᠤᠭ ᠭᠠᠷᠬᠤ ᠦᠬᠡᠢ᠃ | ᠪᠠᠷᠢᠯᠭ᠎ᠠ ᠶᠢᠨ ᠲᠠᠯ᠎ᠠ ᠶᠢᠨ ᠬᠢᠨ ᠪᠢᠳᠡᠨ ᠢ ᠬᠠᠪᠰᠤᠷᠤᠨ ᠲᠤᠤᠷ ᠬᠤᠭᠤᠯᠠᠢ ᠶᠢ ᠮᠠᠰᠢ ᠰᠢᠨᠵᠢᠯᠡᠬᠦ ᠤᠬᠠᠭᠠᠨᠴᠢ ᠪᠠᠷ | ᠲᠦᠯᠦᠪᠵᠢᠬᠦᠯᠦᠨ ᠤᠭᠰᠠᠷᠠᠵᠤ᠂ ᠮᠠᠨ ᠤ ᠬᠤᠶᠢᠰᠢᠳᠠ ᠶᠢᠨ ᠬᠠᠮᠠᠭᠠᠯᠠᠯᠲᠠ ᠶᠢᠨ ᠠᠵᠢᠯ ᠳᠤ ᠲᠦᠢᠯ ᠤᠨ ᠶᠡᠭᠡ | ᠲᠦᠬᠦᠮ ᠪᠤᠯᠭᠠᠵᠠᠢ᠃ ᠪᠢᠳᠡ ᠪᠠᠰᠠ ᠰᠠᠭᠤᠭᠠᠯᠢ ᠡᠷᠦᠬᠡ ᠳᠤ ᠮᠡᠳᠡᠭᠳᠡᠬᠦ᠂ ᠲᠠᠯᠠᠪᠤᠷ ᠭᠠᠵᠠᠷ ᠢ ᠵᠣᠬᠢᠴᠠᠭᠤᠯᠬᠤ ᠵᠡᠷᠭᠡ | ᠠᠵᠢᠯ ᠢ ᠢᠳᠡᠪᠬᠢᠲᠡᠶ ᠬᠠᠮᠵᠢᠯᠴᠠᠨ ᠬᠢᠵᠦ ᠪᠠᠶᠢᠭ᠎ᠠ᠂ ᠪᠠᠷᠢᠯᠭ᠎ᠠ ᠳᠠᠭᠤᠰᠤᠭᠰᠠᠨ ᠤ ᠳᠠᠷᠠᠭ᠎ᠠ᠂ ᠰᠠᠭᠤᠭᠠᠯᠢ | ᠲᠣᠭᠤᠷᠢᠭ ᠤᠨ ᠣᠷᠴᠢᠨ ᠲᠣᠭᠤᠷᠢᠨ ᠤᠯᠠᠮ ᠰᠠᠶᠢᠵᠢᠷᠠᠵᠤ᠂ ᠠᠷᠠᠳ ᠤᠯᠠᠨ ᠤ ᠠᠮᠢᠳᠤᠷᠠᠯ ᠤᠨ ᠴᠢᠨᠰᠠᠭ᠎ᠠ | ᠤᠯᠠᠮ ᠲᠡᠭᠡᠭᠰᠢᠯᠡᠬᠦ ᠶᠢ ᠬᠦᠰᠡᠵᠦ ᠪᠠᠶᠢᠨ᠎ᠠ︾ ᠃ | ᠡᠨᠡ ᠤᠳᠠᠭᠠᠨ ᠤ ᠬᠤᠲᠠ ᠪᠠᠯᠭᠠᠰᠤᠨ ᠤ ᠭᠠᠵᠠᠷ ᠳᠣᠤᠷᠠᠬᠢ ᠲᠤᠤᠷ ᠬᠤᠭᠤᠯᠠᠶ ᠶᠢᠨ ᠦᠬᠡᠷᠡᠴᠢᠯᠡᠯᠳᠡ ᠶᠢᠨ | ᠢᠨᠵᠧᠨᠧᠷᠢᠩ ᠪᠣᠯ ᠬᠤᠲᠠ ᠪᠠᠯᠭᠠᠰᠤᠨ ᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ᠂ ᠠᠷᠠᠳ ᠤᠨ ᠠᠮᠢᠳᠤᠷᠠᠯ ᠤᠨ | ᠠᠵᠠ ᠵᠢᠷᠭᠠᠯ ᠢ ᠨᠡᠮᠡᠭᠳᠡᠭᠦᠯᠬᠦ ᠴᠢᠬᠤᠯᠠ ᠦᠢᠯᠡᠳᠦᠯᠭᠡ ᠪᠠᠶᠢᠵᠤ᠂ ᠵᠠᠰᠠᠭ ᠤᠨ ᠣᠷᠳᠣᠨ ᠤ ᠠᠷᠠᠳ ᠤᠯᠠᠨ ᠲᠠᠢ | ᠰᠡᠳᠬᠢᠯ ᠢᠶᠠᠨ ᠬᠤᠯᠪᠤᠵᠤ᠂ ᠠᠷᠠᠳ ᠲᠦᠮᠡᠨ ᠳᠤ ᠦᠨᠡᠨᠴᠢ ᠪᠠᠷ ᠦᠢᠯᠡᠴᠢᠯᠡᠬᠦ ᠡᠷᠡᠰ ᠵᠣᠷᠢᠭ ᠢ ᠢᠯᠡᠷᠡᠭᠦᠯᠵᠦ᠂ | ᠬᠤᠲᠠ ᠶᠢᠨ ᠴᠢᠨᠠᠷ ᠰᠠᠶᠢᠲᠠᠶ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ ᠪᠤᠯᠤᠨ᠎ᠠ᠃ |