ᠡᠮᠨᠡᠯᠭᠡ ᠶᠢᠨ ᠬᠤᠯᠪᠤᠭᠠᠳᠤ ᠴᠣᠭᠴᠠ ᠶᠢᠨ ᠪᠠᠶᠢᠭᠤᠯᠤᠯᠲᠠ ᠶᠢ ᠠᠬᠢᠭᠤᠯᠵᠤ ᠠᠷᠠᠳ ᠢᠷᠭᠡᠳ ᠲᠤ ᠴᠢᠨᠠᠷ ᠰᠠᠶᠢᠳᠠᠢ ᠦᠢᠯᠡᠴᠢᠯᠡᠭᠡ ᠶᠢ ᠬᠦᠷᠭᠡᠨ᠎ᠡ
ᠨᠡᠶᠢᠲᠡᠯᠡᠭᠰᠡᠨ ᠴᠠᠭ᠄
2025/5/23
   ᠬᠤᠰᠢᠭᠤ ᠰᠢᠶᠠᠨ ᠤ ᠬᠡᠪᠴᠢᠶᠡᠨ ᠤ ᠡᠮᠨᠡᠯᠭᠡ ᠶᠢᠨ ᠬᠤᠯᠪᠤᠭᠠᠳᠤ ᠴᠣᠭᠴᠠ ᠶᠢᠨ ᠪᠠᠶᠢᠭᠤᠯᠤᠯᠲᠠ ᠶᠢ ᠴᠢᠨᠠᠭᠰᠢᠳᠠ ᠠᠬᠢᠭᠤᠯᠵᠤ᠂ ᠱᠠᠲᠤ ᠬᠤᠪᠢᠶᠠᠵᠤ ᠣᠨᠣᠰᠢᠯᠠᠨ ᠡᠮᠨᠡᠬᠦ ᠲᠥᠷᠥ ᠶᠢᠨ ᠪᠣᠳᠣᠯᠭ᠎ᠠ ᠶᠢ ᠰᠠᠶᠢᠳᠤᠷ ᠨᠠᠶᠢᠳᠠᠪᠤᠷᠢᠵᠢᠭᠤᠯᠤᠨ᠂ ᠰᠢᠯᠢᠳᠡᠭ ᠰᠠᠶᠢᠨ ᠡᠮᠨᠡᠯᠭᠡ ᠶᠢᠨ ᠡᠬᠢ ᠪᠠᠶᠠᠯᠢᠭ ᠢ ᠳᠣᠷᠣᠭᠰᠢ ᠪᠠᠭᠤᠯᠭᠠᠵᠦ᠂ ᠦᠨᠳᠦᠰᠦᠨ ᠱᠠᠲᠤᠨ ᠤ ᠡᠮᠨᠡᠯᠭᠡ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ ᠣᠶᠢᠷ᠎ᠠ ᠳᠤ ᠲᠠᠶᠢᠹᠤᠰᠧ ᠬᠤᠰᠢᠭᠤᠨ ᠤ ᠡᠬᠡ ᠨᠢᠯᠬᠠᠰ ᠤᠨ ᠡᠷᠡᠬᠦᠯ ᠬᠠᠮᠠᠭᠠᠯᠠᠯ ᠪᠠ ᠲᠥᠯᠥᠪᠯᠡᠭᠡᠲᠦ ᠦᠷᠡᠵᠢᠯ ᠤᠨ ᠦᠢᠯᠡᠴᠢᠯᠡᠭᠡᠨ ᠤ ᠲᠥᠪ ᠨᠢ ᠯᠦᠸᠧ ᠲᠦᠸᠧ ᠱᠠᠨ ᠪᠠᠯᠭᠠᠰᠤᠨ ᠳᠤ ᠬᠦᠨᠵᠡᠬᠡᠶᠢᠷᠡᠵᠦ ᠣᠨᠣᠰᠢᠯᠠᠨ ᠡᠮᠨᠡᠬᠦ ᠦᠢᠯᠡᠴᠢᠯᠡᠭᠡ ᠬᠢᠵᠡᠢ᠃ ᠡᠮᠨᠡᠯᠭᠡ ᠶᠢᠨ ᠠᠵᠢᠯᠳᠠᠳ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶᠠᠨ ᠳᠤ  ᠬᠦᠷᠴᠦ᠂ 2025 ᠣᠨ ᠤ ︽ᠬᠤᠶᠠᠷ ᠥᠮᠡᠨ︾ ᠤᠨ ᠪᠠᠶᠢᠴᠠᠭᠠᠯᠳᠠ ᠶᠢᠨ ᠠᠵᠢᠯ ᠲᠠᠢ ᠤᠶᠠᠯᠳᠤᠭᠤᠯᠤᠨ᠂ ᠲᠣᠰᠬᠤᠨ ᠤ ᠠᠷᠠᠳ ᠤᠨ ᠮᠡᠳᠡᠭᠡ ᠵᠠᠩᠭᠢ ᠶᠢ ᠬᠠᠷᠭᠤᠭᠤᠯᠤᠨ ᠳᠡᠩᠰᠡᠯᠡᠵᠦ᠂ ᠡᠮᠡᠭᠲᠡᠶᠢᠴᠦᠳ ᠲᠤ ᠰᠠᠪᠠ ᠶᠢᠨ ᠬᠦᠵᠦᠭᠦᠨ ᠤ ᠥᠮᠡᠨ᠂ ᠬᠥᠬᠦᠨ ᠪᠤᠯᠴᠢᠷᠬᠠᠶ ᠶᠢᠨ ᠥᠮᠡᠨ ᠤ ᠪᠠᠶᠢᠴᠠᠭᠠᠯᠲᠠ ᠬᠢᠵᠦ ᠦᠭᠬᠦᠭᠰᠡᠨ ᠪᠦᠭᠡᠳ ᠡᠮᠡᠭᠲᠡᠶᠢᠴᠦᠳ ᠤᠨ ᠳᠤᠷᠠᠳᠤᠭᠰᠠᠨ ᠡᠯ᠎ᠡ ᠲᠥᠷᠥᠯ ᠤᠨ ᠡᠷᠡᠭᠦᠯ ᠮᠡᠨᠳᠦ ᠶᠢᠨ ᠠᠰᠠᠭᠤᠳᠠᠯ ᠳᠤ ᠬᠦᠯᠢᠴᠡᠩᠭᠦᠶ ᠪᠠᠷ ᠬᠠᠷᠢᠭᠤᠯᠳᠠ ᠦᠭᠴᠦ᠂ ︽ᠬᠤᠶᠠᠷ ᠥᠮᠡᠨ︾  ᠤ ᠰᠡᠷᠭᠡᠶᠢᠯᠡᠨ ᠵᠠᠰᠠᠬᠤ ᠮᠡᠳᠡᠯᠭᠡ ᠶᠢ ᠲᠦᠭᠡᠮᠡᠯᠵᠢᠭᠦᠯᠵᠦ᠂  ᠦᠷᠭᠡᠨ ᠤᠯᠠᠨ ᠡᠮᠡᠭᠲᠡᠶᠢᠴᠦᠳ ᠳᠤ ᠡᠷᠡᠭᠦᠯ ᠮᠡᠨᠳᠦ ᠶᠢᠨ ᠮᠡᠳᠡᠯᠭᠡ ᠶᠢ ᠬᠦᠷᠳᠡᠭᠡᠭᠰᠡᠨ ᠪᠠᠶᠢᠨ᠎ᠠ᠃  ᠡᠮᠨᠡᠯᠬᠡ ᠶᠢᠨ ᠠᠵᠢᠯᠳᠠᠳ ᠪᠠᠰᠠ B ᠬᠡᠳᠦ ᠳᠣᠯᠭᠢᠶᠠᠨ ᠤ ᠪᠠᠶᠢᠴᠠᠭᠠᠯᠳᠠ ᠶᠢᠨ ᠲᠦᠬᠦᠭᠡᠷᠦᠮᠵᠢ ᠶᠢ ᠠᠰᠢᠭᠯᠠᠨ᠂ ᠠᠷᠠᠳ ᠢᠷᠭᠡᠳ ᠤᠨ ᠪᠡᠶ᠎ᠡ ᠶᠢᠨ ᠪᠠᠶᠢᠴᠠᠭᠠᠯᠳᠠ ᠬᠢᠵᠦ᠂  ᠤᠶᠢᠯᠠᠭᠠᠮᠵᠢᠳᠠᠢ ᠦᠬᠡ ᠬᠡᠯᠡ ᠪᠠᠷ ᠪᠠᠶᠢᠴᠠᠭᠠᠯᠲᠠ ᠶᠢᠨ ᠦᠷ᠎ᠡ ᠳ᠋ᠦᠩ ᠢ ᠲᠠᠶᠢᠯᠪᠤᠷᠢᠯᠠᠬᠤ ᠶᠢᠨ ᠬᠠᠮᠲᠤ ᠡᠪᠡᠳᠴᠢᠨ ᠤ ᠪᠠᠶᠢᠳᠠᠯ ᠢ ᠦᠨᠳᠦᠰᠦᠯᠡᠨ ᠵᠦᠶ ᠵᠣᠬᠢᠰᠲᠠᠶ ᠡᠮᠨᠡᠨ ᠵᠠᠰᠠᠬᠤ ᠰᠠᠨᠠᠭᠤᠯᠭ᠎ᠠ ᠭᠠᠷᠭᠠᠵᠠᠢ᠃ ︽ᠤᠷᠢᠳᠤ ᠨᠢ ᠪᠢᠳᠡ ᠬᠤᠰᠢᠭᠤᠨ ᠳᠤ ᠣᠴᠢᠵᠤ ᠡᠪᠡᠳᠴᠢᠨ ᠢᠶᠠᠨ ᠦᠵᠡᠬᠦᠯᠳᠡᠭ᠂ ᠣᠳᠣ ᠮᠠᠨ ᠤ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠨᠢ ᠴᠤ ᠡᠯ᠎ᠡ ᠵᠦᠢᠯ ᠤᠨ ᠪᠠᠶᠢᠴᠠᠭᠠᠯᠲᠠ ᠶᠢᠨ ᠲᠥᠬᠦᠭᠡᠷᠦᠮᠵᠢ ᠪᠦᠷᠢᠨ ᠲᠦᠬᠦᠷ ᠪᠤᠯᠵᠤ᠂ ᠡᠪᠡᠳᠴᠢᠨ ᠦᠵᠡᠭᠦᠯᠬᠦ ᠳᠤ ᠮᠠᠰᠢ ᠳᠥᠭᠦᠮ ᠪᠤᠯᠵᠠᠢ︾ ᠬᠡᠵᠦ ᠲᠠᠷᠢᠶᠠᠴᠢᠳ ᠶᠠᠷᠢᠵᠠᠭᠠᠨ᠎ᠠ᠃ 2024 ᠣᠨ ᠳᠤ ᠲᠠᠶᠢᠹᠤᠰᠧ ᠬᠤᠰᠢᠭᠤᠨ ᠤ ᠬᠢᠨ ᠡᠮᠨᠡᠯᠭᠡ ᠶᠢᠨ ᠬᠤᠯᠪᠤᠭᠠᠳᠤ ᠴᠣᠭᠴᠠ ᠶᠢᠨ ᠪᠠᠶᠢᠭᠤᠯᠤᠯᠲᠠ ᠶᠢ ᠴᠢᠩᠭᠠᠳᠬᠠᠭᠰᠠᠨ ᠠᠴᠠ ᠨᠠᠰᠢ᠂ ᠬᠤᠰᠢᠭᠤᠨ ᠤ ᠡᠬᠡ ᠨᠢᠯᠬᠠᠰ ᠤᠨ ᠡᠷᠡᠬᠦᠯ ᠬᠠᠮᠠᠭᠠᠯᠠᠯ ᠪᠠ ᠲᠥᠯᠥᠪᠯᠡᠭᠡᠲᠦ ᠦᠷᠡᠵᠢᠯ ᠤᠨ ᠦᠢᠯᠡᠴᠢᠯᠡᠭᠡᠨ ᠤ ᠲᠥᠪ ᠨᠢ ᠰᠢᠯᠢᠳᠡᠭ ᠰᠠᠶᠢᠨ ᠡᠮ ᠡᠮᠨᠡᠯᠭᠡ ᠶᠢᠨ ᠡᠬᠢ ᠪᠠᠶᠠᠯᠢᠭ ᠢ ᠳᠣᠷᠣᠭᠰᠢ ᠪᠠᠭᠤᠯᠭᠠᠬᠤ ᠲᠥᠷᠥ ᠶᠢᠨ ᠪᠣᠳᠣᠯᠭ᠎ᠠ ᠶᠢ ᠢᠳᠡᠪᠬᠢᠲᠡᠢ ᠬᠡᠷᠡᠭᠵᠢᠭᠦᠯᠵᠦ᠂  ᠰᠤᠮᠤ ᠰᠢᠶᠠᠩ ᠪᠠᠯᠭᠠᠰᠤᠨ ᠤ  ᠡᠷᠡᠭᠦᠯ ᠬᠠᠮᠠᠭᠠᠯᠠᠯ ᠤᠨ ᠬᠤᠷᠢᠶ᠎ᠠ ᠯᠤᠭ᠎ᠠ ᠰᠠᠶᠢᠳᠤᠷ ᠬᠠᠮᠵᠢᠯᠴᠠᠨ  ᠂ ︽ᠲᠤᠰᠬᠠᠢ ᠮᠡᠷᠭᠡᠵᠢᠯᠲᠡᠨ + ᠡᠮᠨᠡᠯᠭᠡ ᠶᠢᠨ ᠡᠬᠢ ᠪᠠᠶᠠᠯᠢᠭ ᠢ ᠳᠣᠷᠣᠭᠰᠢ ᠪᠠᠭᠤᠯᠭᠠᠬᠤ︾ ᠵᠠᠭᠪᠤᠷ ᠢᠶᠠᠷ ᠡᠬᠡ ᠨᠢᠯᠬᠠᠰ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ︽ᠡᠴᠦᠰ ᠤᠨ ᠨᠢᠭᠡ ᠺᠢᠯᠤᠮᠧᠲᠷ︾ ᠢ ᠪᠥᠬᠦ ᠬᠦᠴᠦᠨ ᠢᠶᠠᠷ ᠨᠡᠪᠲᠡᠷᠡᠭᠦᠯᠵᠦ᠂ ᠦᠨᠳᠦᠰᠦᠨ ᠱᠠᠲᠤᠨ ᠤ ᠡᠮ ᠡᠮᠨᠡᠯᠭᠡ ᠶᠢᠨ ᠦᠢᠯᠡᠴᠢᠯᠡᠭᠡᠨ ᠤ ᠴᠢᠳᠠᠪᠤᠷᠢ ᠶᠢ ᠲᠡᠭᠡᠭᠰᠢᠯᠡᠬᠦᠯᠬᠦ ᠳᠤ ᠬᠦᠴᠦᠨ ᠨᠡᠮᠡᠷᠢᠯᠡᠵᠡᠢ᠃  ᠯᠦᠸᠧ ᠲᠦᠸᠧ ᠱᠠᠨ ᠡᠷᠡᠭᠦᠯ ᠬᠠᠮᠠᠭᠠᠯᠠᠯ ᠤᠨ ᠬᠤᠷᠢᠶᠠᠨ ᠤ ᠳᠠᠷᠤᠭ᠎ᠠ ᠯᠢᠦ ᠷᠦᠢ ᠾᠧᠩ ᠰᠤᠷᠪᠤᠯᠵᠢᠯᠠᠭ᠎ᠠ ᠬᠦᠯᠢᠶᠡᠬᠦ ᠳᠡᠭᠡᠨ ︽ᠡᠮᠨᠡᠯᠭᠡ ᠶᠢᠨ ᠬᠤᠯᠪᠤᠭᠠᠳᠤ ᠴᠣᠭᠴᠠ ᠶᠢᠨ ᠪᠠᠶᠢᠭᠤᠯᠤᠯᠲᠠ ᠪᠠᠷ ᠲᠠᠮᠵᠢᠭᠠᠳ ᠮᠠᠨ ᠤ ᠬᠤᠷᠢᠶ᠎ᠠ ᠪᠤᠯᠤᠨ ᠬᠤᠰᠢᠭᠤᠨ ᠤ ᠡᠬᠡ ᠨᠢᠯᠬᠠᠰ ᠤᠨ ᠡᠷᠡᠬᠦᠯ ᠬᠠᠮᠠᠭᠠᠯᠠᠯ ᠪᠠ ᠲᠦᠯᠦᠪᠯᠡᠭᠡᠳᠦ ᠦᠷᠡᠵᠢᠯ ᠤᠨ ᠦᠢᠯᠡᠴᠢᠯᠡᠭᠡᠨ ᠤ ᠲᠦᠪ ᠨᠢ ᠲᠣᠭᠲᠠᠮᠠᠯ ᠬᠤᠭᠤᠴᠠᠭ᠎ᠠ ᠲᠠᠢ ᠪᠠᠷ ᠬᠠᠮᠳᠤᠷᠠᠨ ᠠᠵᠢᠯᠯᠠᠬᠤ ᠬᠠᠷᠢᠴᠠᠭ᠎ᠠ ᠪᠠᠶᠢᠭᠤᠯᠵᠤ᠂ ᠮᠠᠨ ᠤ ᠬᠤᠷᠢᠶᠠᠨ ᠤ ᠦᠢᠯᠡᠴᠢᠯᠡᠭᠡᠨ ᠤ ᠴᠢᠳᠠᠪᠤᠷᠢ ᠶᠢ ᠶᠡᠭᠡ ᠪᠠᠷ ᠳᠡᠭᠡᠭᠰᠢᠯᠡᠭᠦᠯᠪᠡ᠃ ᠣᠶᠢᠷ᠎ᠠ ᠬᠠᠪᠢ ᠶᠢᠨ ᠠᠷᠠᠳ ᠣᠯᠠᠨ ᠬᠡᠷᠡᠭᠴᠡᠭᠡ ᠲᠠᠢ ᠦᠶ᠎ᠡ ᠳᠤ ᠪᠠᠷᠤᠭ ᠯᠠ ᠬᠡᠷ ᠤᠨ ᠢᠶᠠᠨ ᠡᠬᠦᠳᠡᠨ ᠳᠤ ᠡᠪᠳᠴᠢᠨ ᠢᠶᠠᠨ ᠦᠵᠡᠬᠦᠯᠴᠢᠬᠡᠨ᠎ᠡ᠂ ᠠᠷᠠᠳ ᠣᠯᠠᠨ ᠮᠠᠰᠢ ᠰᠡᠳᠬᠢᠯ ᠬᠠᠨᠤᠮᠵᠢᠲᠠᠶ ᠪᠠᠶᠢᠨ᠎ᠠ᠃ ᠳᠠᠷᠠᠭᠠᠴᠢ ᠶᠢᠨ ᠠᠯᠬᠤᠮ ᠳᠤ ᠪᠢᠳᠡ ᠤᠯᠠᠮ ᠰᠠᠶᠢᠨ ᠬᠠᠮᠵᠢᠯᠴᠠᠨ ᠠᠵᠢᠯᠯᠠᠵᠤ᠂  ᠡᠮᠨᠡᠯᠬᠡ ᠶᠢᠨ ᠦᠢᠯᠡᠴᠢᠯᠡᠭᠡᠨ ᠤ ᠴᠢᠳᠠᠪᠤᠷᠢ ᠪᠠᠨ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠠᠷᠠᠳ ᠤᠯᠠᠨ ᠤ ᠡᠷᠡᠭᠦᠯ ᠮᠡᠨᠳᠦ ᠶᠢᠨ ᠬᠡᠷᠡᠭᠴᠡᠭᠡ ᠶᠢ ᠨᠡᠩ ᠰᠠᠶᠢᠲᠤᠷ ᠬᠠᠩᠭᠠᠬᠤ ᠪᠠᠷ ᠲᠥᠯᠥᠪᠯᠡᠵᠦ ᠪᠠᠶᠢᠨ᠎ᠠ︾  ᠬᠡᠵᠦ ᠢᠯᠡᠷᠬᠡᠶᠢᠯᠡᠯ᠎ᠡ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号