ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ | ᠴᠢᠬᠤᠯᠠ ᠦᠵᠡᠯ ᠰᠠᠨᠠᠭ᠎ᠠ ᠪᠣᠯᠤᠨ ᠥᠪᠥᠷ ᠮᠣᠩᠭᠤᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ | ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠡᠭᠦᠳᠦᠨ ᠪᠠᠶᠢᠭᠤᠯᠬᠤ ᠠᠵᠢᠯ ᠢ ᠯᠠᠪᠳᠠᠭᠤᠨ ᠪᠠᠲᠤᠲᠠᠶ ᠠᠬᠢᠭᠤᠯᠵᠤ᠂ ᠨᠠᠮ ᠤᠨ ᠦᠨᠳᠦᠰᠦᠲᠡᠨ ᠤ | ᠣᠨᠣᠯ ᠲᠥᠷᠥ ᠶᠢᠨ ᠪᠣᠳᠣᠯᠭ᠎ᠠ ᠪᠣᠯᠤᠨ ᠬᠠᠤᠯᠢ ᠲᠦᠷᠢᠮ ᠤᠨ ᠤᠬᠠᠭᠤᠯᠭ᠎ᠠ ᠶᠢ ᠲᠠᠰᠤᠷᠠᠯᠲᠠ ᠦᠭᠡᠢ | ᠴᠢᠩᠭᠠᠳᠬᠠᠬᠤ ᠶᠢᠨ ᠲᠥᠯᠥᠭᠡ᠂ 5 ᠰᠠᠷ᠎ᠠ ᠶᠢᠨ 21 ᠤ ᠡᠳᠦᠷ ᠬᠤᠰᠢᠭᠤᠨ ᠤ ᠡᠪᠯᠡᠯ ᠤᠨ ᠬᠤᠷᠢᠶ᠎ᠠ ᠨᠢ ᠵᠠᠯᠠᠭᠤ | ᠰᠠᠶᠢᠨ ᠳᠤᠷ᠎ᠠ ᠶᠢᠨ ᠦᠢᠯᠡᠴᠢᠯᠡᠭᠴᠢᠳ ᠢ ᠵᠤᠬᠢᠶᠠᠨ ᠪᠠᠶᠢᠭᠤᠯᠵᠤ 2025 ᠣᠨ ᠤ ︽ᠦᠨᠳᠦᠰᠦᠲᠡᠨ ᠤ | ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾ ︽ᠦᠨᠳᠦᠰᠦᠲᠡᠨ ᠤ ᠬᠠᠤᠯᠢ ᠪᠠᠷ ᠵᠠᠰᠠᠬᠤ | ᠤᠬᠠᠭᠤᠯᠭ᠎ᠠ ᠶᠢᠨ ᠭᠠᠷᠠᠭ︾ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ ᠰᠠᠶᠢᠨ ᠲᠤᠷ᠎ᠠ ᠶᠢᠨ | ᠦᠢᠯᠡᠴᠢᠯᠡᠭᠴᠢᠳ ᠤᠬᠠᠭᠤᠯᠭ᠎ᠠ ᠶᠢᠨ ᠰᠠᠮᠪᠠᠷ᠎ᠠ ᠪᠤᠰᠬᠠᠬᠤ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ | ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠬᠤ᠂ ᠬᠡᠷᠡᠭ ᠤᠨ ᠵᠢᠱᠢᠶ᠎ᠡ ᠶᠢ ᠶᠠᠷᠢᠬᠤ ᠮᠡᠳᠦ ᠶᠢᠨ ᠠᠷᠭ᠎ᠠ ᠬᠡᠯᠪᠡᠷᠢ ᠪᠠᠷ | ᠣᠯᠠᠨ ᠲᠦᠮᠡᠨ ᠳᠤ ᠦᠨᠳᠦᠰᠦᠲᠡᠨ ᠤ ᠲᠥᠷᠥ ᠶᠢᠨ ᠪᠣᠳᠣᠯᠭ᠎ᠠ ᠪᠠ ᠬᠠᠤᠯᠢ ᠲᠦᠷᠢᠮ ᠢ ᠤᠬᠠᠭᠤᠯᠤᠨ | ᠲᠦᠬᠡᠮᠡᠯᠵᠢᠬᠦᠯᠬᠦ ᠶᠢᠨ ᠬᠠᠮᠳᠤ᠂ ᠣᠯᠠᠨ ᠲᠦᠮᠡᠨ ᠤ ᠳᠤᠷᠠᠳᠤᠭᠰᠠᠨ ᠠᠰᠠᠭᠤᠳᠠᠯ ᠳᠤ ᠨᠠᠷᠢᠨ ᠲᠣᠳᠣᠷᠬᠠᠶ | ᠬᠠᠷᠢᠭᠤᠯᠲᠠ ᠦᠭᠬᠦᠭᠰᠡᠨ ᠪᠠᠶᠢᠨ᠎ᠠ᠃ ᠤᠯᠠᠨ ᠲᠦᠮᠡᠨ ᠴᠤ ᠰᠠᠨᠠᠭᠠᠴᠢᠯᠠᠭ᠎ᠠ ᠠᠴᠠ ᠪᠠᠨ ᠠᠵᠢᠯᠯᠠᠭ᠎ᠠ ᠳᠤ ᠣᠷᠣᠯᠴᠠᠵᠤ | ᠡᠳᠦᠷ ᠲᠤᠲᠤᠮ ᠤᠨ ᠠᠵᠢᠯ ᠠᠮᠢᠳᠤᠷᠠᠯ ᠤᠨ ᠳᠤᠮᠳᠠ ᠦᠨᠳᠦᠰᠦᠲᠡᠨ ᠤ ᠪᠦᠯᠬᠦᠮᠳᠡᠯ ᠢ ᠬᠡᠷᠬᠢᠨ ᠦᠢᠯᠡᠳᠦᠯᠬᠡᠵᠢᠬᠦᠯᠬᠦ | ᠲᠤᠬᠠᠢ ᠰᠤᠳᠤᠯᠤᠨ ᠶᠠᠷᠢᠯᠴᠠᠵᠤ ᠤᠯᠤᠯᠳᠠ ᠲᠦᠷᠦᠭᠳᠡᠯ ᠢᠶᠠᠨ ᠬᠤᠪᠢᠶᠠᠯᠴᠠᠭᠠᠳ᠂ ᠠᠬᠤᠢ ᠲᠠᠯᠠᠪᠠᠢ ᠶᠢᠨ ᠠᠭᠤᠷ | ᠠᠮᠢᠰᠬᠤᠯ ᠮᠠᠰᠢ ᠬᠦᠷ ᠬᠥᠭᠵᠢᠶᠡᠨ ᠲᠠᠢ ᠪᠠᠶᠢᠯ᠎ᠠ᠃ ᠡᠨᠡ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠨᠢ | ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠲᠤᠬᠠᠶ ᠣᠯᠠᠨ ᠲᠦᠮᠡᠨ ᠤ ᠣᠶᠢᠯᠠᠭᠠᠯᠲᠠ ᠲᠠᠨᠢᠯᠳᠠ ᠶᠢ | ᠨᠡᠮᠡᠭᠳᠡᠭᠦᠯᠵᠦ᠂ ︽ᠦᠨᠳᠦᠰᠦᠲᠡᠨ ᠨᠦᠭᠦᠳ ᠪᠦᠯᠬᠦᠮᠳᠡᠨ ᠨᠢᠬᠳᠠᠷᠠᠵᠤ ᠨᠢᠭᠡ ᠬᠡᠷ ᠤᠨ ᠬᠢᠨ ᠮᠡᠲᠦ ᠳᠣᠲᠣᠨᠣ ᠪᠠᠶᠢᠬᠤ | ︾ ᠬᠠᠮᠲᠤ ᠶᠢᠨ ᠲᠠᠨᠢᠯᠲᠠ ᠶᠢ ᠤᠯᠠᠮ ᠴᠢᠩᠭᠠᠳᠬᠠᠨ᠂ ᠭᠠᠵᠠᠷ ᠣᠷᠣᠨ ᠤ ᠡᠶ᠎ᠡ ᠵᠣᠬᠢᠴᠠᠯ ᠲᠠᠢ ᠬᠥᠭᠵᠢᠯᠲᠡ ᠶᠢ | ᠠᠬᠢᠭᠤᠯᠬᠤ ᠳᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠪᠠ᠃ ᠲᠠᠷᠠᠭᠠᠴᠢ ᠶᠢᠨ ᠠᠯᠬᠤᠮ ᠳᠤ᠂ | ᠬᠤᠰᠢᠭᠤᠨ ᠤ ᠡᠪᠯᠡᠯ ᠤᠨ ᠬᠤᠷᠢᠶ᠎ᠠ ᠨᠢ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠪᠠ | ᠦᠨᠳᠦᠰᠦᠲᠡᠨ ᠤ ᠬᠠᠤᠯᠢ ᠪᠠᠷ ᠵᠠᠰᠠᠬᠤ ᠤᠬᠠᠭᠤᠯᠭ᠎ᠠ ᠶᠢᠨ ᠠᠵᠢᠯᠯᠠᠭ᠎ᠠ ᠶᠢ ᠨᠡᠩ ᠢᠳᠡᠪᠬᠢᠳᠡᠢ ᠦᠷᠨᠢᠬᠦᠯᠵᠦ᠂ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠭᠦᠳᠦᠨ ᠪᠠᠶᠢᠭᠤᠯᠬᠤ ᠠᠵᠢᠯ ᠢ ᠴᠢᠨᠠᠭᠰᠢᠳᠠ ᠬᠦᠨᠵᠡᠬᠡᠶᠢᠷᠡᠬᠦᠯᠦᠨ᠂ | ᠡᠯ᠎ᠡ ᠦᠨᠳᠦᠰᠦᠲᠡᠨ ᠤ ᠵᠠᠯᠠᠭᠤᠴᠤᠳ ᠪᠠᠭᠠᠴᠤᠳ ᠤᠨ ᠪᠦᠯᠬᠦᠮᠳᠡᠨ ᠲᠡᠮᠡᠴᠡᠬᠦ ᠬᠦᠴᠦᠨ ᠴᠢᠳᠠᠯ ᠢ ᠨᠢᠬᠳᠠᠷᠠᠭᠤᠯᠵᠤ᠂ | ᠥᠷᠭᠡᠨ ᠣᠯᠠᠨ ᠵᠠᠯᠠᠭᠤᠴᠤᠳ ᠪᠠᠭᠠᠴᠤᠳ ᠢ ᠵᠢᠯᠤᠭᠤᠳᠤᠨ ᠦᠨᠳᠦᠰᠦᠲᠡᠨ ᠤ ᠪᠦᠯᠬᠦᠮᠳᠡᠯ ᠢ ᠬᠠᠮᠠᠭᠠᠯᠠᠬᠤ᠂ | ᠨᠡᠶᠢᠭᠡᠮ ᠤᠨ ᠡᠶ᠎ᠡ ᠵᠣᠬᠢᠴᠠᠯ ᠢ ᠠᠬᠢᠭᠤᠯᠬᠤ ᠳᠤ ᠬᠦᠴᠦᠨ ᠴᠢᠳᠠᠯ ᠢᠶᠠᠨ ᠡᠷᠬᠦᠬᠦ ᠪᠠᠷ ᠪᠠᠶᠢᠨ᠎ᠠ᠃ |