ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠭᠦᠨᠵᠡᠭᠡᠶ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠬᠠᠤᠯᠢ ᠪᠠᠷ ᠵᠠᠰᠠᠭᠰᠠᠨ ᠰᠤᠷᠭᠠᠭᠤᠯᠢ ᠶᠢᠨ ᠬᠦᠷᠢᠶ᠎ᠡ᠂ ᠠᠮᠤᠷ ᠠᠮᠤᠭᠤᠯᠠᠩ ᠰᠤᠷᠭᠠᠭᠤᠯᠢ ᠶᠢᠨ | ᠬᠦᠷᠢᠶᠡᠨ ᠤ ᠪᠠᠶᠢᠭᠤᠯᠤᠯᠲᠠ ᠶᠢ ᠴᠢᠨᠠᠭᠰᠢᠳᠠ ᠠᠬᠢᠭᠤᠯᠤᠨ᠂ ᠪᠥᠬᠦ ᠬᠤᠰᠢᠭᠤᠨ ᠤ ᠪᠠᠭ᠎ᠠ ᠰᠤᠷᠭᠠᠭᠤᠯᠢ ᠶᠢᠨ | ᠰᠤᠷᠤᠭᠴᠢᠳ ᠤᠨ ᠬᠠᠤᠯᠢ ᠪᠠᠷ ᠵᠠᠰᠠᠬᠤ ᠦᠵᠡᠯᠲᠡ ᠪᠠ ᠬᠠᠤᠯᠢ ᠴᠠᠭᠠᠵᠠ ᠶᠢᠨ ᠤᠬᠠᠮᠰᠠᠷ ᠢ ᠴᠢᠩᠭᠠᠳᠬᠠᠬᠤ ᠶᠢᠨ | ᠲᠥᠯᠥᠭᠡ᠂ 5 ᠰᠠᠷ᠎ᠠ ᠶᠢᠨ 24 ᠤ ᠡᠳᠦᠷ ᠲᠠᠶᠢᠹᠤᠰᠧ ᠬᠤᠰᠢᠭᠤ ᠨᠢ ᠪᠠᠭ᠎ᠠ ᠰᠤᠷᠭᠠᠭᠤᠯᠢ ᠶᠢᠨ ᠰᠤᠷᠤᠭᠴᠢᠳ ᠤᠨ | ︽ᠬᠠᠤᠯᠢᠵᠢᠯ ᠤᠨ ᠪᠠᠳᠤᠯᠠᠭ᠎ᠠ ᠲᠠᠢ ᠪᠠᠭ᠎ᠠ ᠨᠠᠰᠤ︾ ᠭᠤᠤᠯ ᠰᠡᠳᠦᠪᠲᠦ ᠶᠠᠷᠢᠶ᠎ᠠ ᠢᠯᠡᠳᠭᠡᠯ ᠤᠨ ᠤᠷᠤᠯᠳᠤᠭᠠᠨ ᠢ | ᠡᠷᠬᠢᠯᠡᠵᠡᠢ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤ ᠳᠠᠷᠤᠭ᠎ᠠ ᠰᠦᠨ | ᠶᠠᠨ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠯᠤᠰ ᠲᠥᠷᠥ ᠬᠠᠤᠯᠢ ᠴᠠᠭᠠᠵᠠ ᠶᠢᠨ | ᠵᠦᠪᠯᠡᠯ ᠤᠨ ᠱᠦᠵᠢ ᠳ᠋ᠦ᠋ ᠸᠧᠶ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ | ᠤ ᠳᠡᠳ᠋ ᠡᠷᠬᠢᠯᠡᠭᠴᠢ ᠯᠢᠦ ᠲᠢᠩ ᠰᠢᠤ᠂ ᠰᠢᠭᠦᠬᠦ ᠬᠤᠷᠢᠶᠠᠨ ᠤ ᠳᠠᠷᠤᠭ᠎ᠠ ᠺᠠᠩ ᠵᠢᠶᠠᠨ ᠵᠢᠶᠦ᠋ᠨ᠂ ᠪᠠᠶᠢᠴᠠᠭᠠᠬᠤ | ᠬᠤᠷᠢᠶᠠᠨ ᠤ ᠪᠠᠶᠢᠴᠠᠭᠠᠭᠴᠢ ᠳᠠᠷᠤᠭ᠎ᠠ ᠨᠠᠷᠠᠰᠤ ᠠᠵᠢᠯᠯᠠᠭ᠎ᠠ ᠳᠤ ᠤᠷᠤᠯᠴᠠᠵᠤ ᠡᠯ᠎ᠡ ᠪᠠᠭ᠎ᠠ ᠰᠤᠷᠭᠠᠭᠤᠯᠢ ᠶᠢᠨ | ᠵᠠᠬᠢᠷᠤᠯ᠂ ᠪᠠᠭᠰᠢ ᠰᠣᠷᠣᠭᠴᠢ ᠵᠢᠴᠢ ᠬᠡᠷ ᠤᠨ ᠠᠬᠠᠮᠠᠳ ᠤᠨ ᠲᠥᠯᠥᠭᠡᠯᠡᠭᠴᠢ 100 ᠭᠠᠷᠤᠶ ᠬᠥᠮᠦᠨ ᠠᠬᠤᠢ | ᠲᠠᠯᠠᠪᠠᠢ ᠳᠤ ᠤᠷᠤᠯᠳᠤᠭᠠᠨ ᠢ ᠰᠤᠨᠢᠷᠬᠠᠪᠠ᠃ |