ᠯᠢ ᡁᠢ ᠫᠧᠩ ᠲᠠᠶᠢᠹᠤᠰᠧ ᠬᠤᠰᠢᠭᠤᠨ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2025/5/26
   5 ᠰᠠᠷ᠎ᠠ ᠶᠢᠨ 22 ᠤᠨ ᠡᠳᠦᠷ᠂ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠯᠢ ᡁᠢ ᠫᠧᠩ ᠲᠠᠶᠢᠹᠤᠰᠧ ᠬᠤᠰᠢᠭᠤᠨ ᠳᠤ ᠭᠦᠨᠵᠡᠭᠡᠶᠢᠷᠡᠵᠦ ︽ᠪᠠᠷᠠᠭᠠᠨ ᠤ ᠭᠦᠢᠯᠭᠡᠭᠡᠨ ᠤ ᠵᠣᠬᠢᠶᠠᠨ ᠪᠠᠶᠢᠭᠤᠯᠵᠢᠯᠳᠠ  ᠶᠢᠨ ᠬᠡᠮᠵᠢᠶ᠎ᠡ ᠶᠢ ᠳᠡᠭᠡᠭᠰᠢᠯᠡᠭᠦᠯᠵᠦ᠂ ᠪᠠᠷᠠᠭᠠᠨ ᠤ ᠭᠦᠢᠯᠭᠡᠭᠡᠨ ᠤ ᠦᠢᠯᠡᠰ ᠤᠨ ᠥᠪᠡᠷ ᠤᠨ ᠥᠷᠲᠡᠭ ᠢ ᠪᠠᠭᠤᠷᠠᠭᠤᠯᠤᠨ ᠦᠷ᠎ᠡ ᠠᠰᠢᠭ ᠢ ᠨᠡᠮᠡᠭᠳᠡᠭᠦᠯᠬᠦ︾ ᠲᠤᠰᠬᠠᠶ ᠰᠡᠳᠦᠪᠲᠦ ᠵᠦᠪᠯᠡᠯᠭᠡᠨ ᠤ ᠪᠠᠶᠢᠴᠠᠭᠠᠨ ᠰᠤᠳᠤᠯᠤᠯᠳᠠ ᠬᠢᠵᠡᠢ᠃ ᠲᠠᠶᠢᠹᠤᠰᠧ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠢᠦᠶ ᠴᠧᠩ ᠭᠦᠸᠧ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃ ᠯᠢ ᡁᠢ ᠫᠧᠩ ᠵᠡᠷᠭᠡ ᠬᠦᠮᠦᠰ ᠲᠠᠶᠢᠹᠤᠰᠧ ᠬᠤᠰᠢᠭᠤᠨ ᠤ ᠰᠢᠤᠳᠠᠨ ᠤ ᠬᠤᠪᠢᠶᠠᠷᠢ ᠺᠣᠮᠫᠠᠨᠢ᠂ ᠵᠢᠩ ᠮᠧᠩ ᠸᠧᠶ ᠶᠧ ᠪᠠᠷᠠᠭᠠᠨ ᠤ ᠭᠦᠢᠯᠭᠡᠭᠡᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠱᠠᠩᠬᠠᠢ ᠶᠢᠨ ᠠᠨ ᠨᠧᠩ ᠵᠢᠤᠢ ᠴᠤᠸᠠᠩ ᠬᠠᠩᠭᠠᠯᠭ᠎ᠠ ᠶᠢᠨ ᠬᠡᠯᠬᠢᠶᠡᠨ ᠤ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ᠂  ᠾᠧᠦ ᠹᠠᠩ ᠽᠢ ᠲᠣᠰᠬᠤᠨ ᠤ ᠡᠯᠧᠺᠲᠷᠤᠨ ᠬᠤᠳᠠᠯᠳᠤᠭᠠᠨ ᠤ ᠦᠢᠯᠡᠴᠢᠯᠡᠭᠡᠨ ᠤ ᠥᠷᠲᠡᠭᠡ ᠵᠡᠷᠭᠡ ᠭᠠᠵᠠᠷ ᠢᠶᠠᠷ ᠬᠦᠷᠴᠦ᠂ ᠠᠵᠤ ᠠᠬᠤᠶᠢᠯᠠᠯ ᠤᠨ ᠬᠥᠮᠥᠷᠭᠡᠯᠡᠨ ᠬᠠᠳᠠᠭᠠᠯᠠᠬᠤ ᠬᠠᠮᠢᠶᠠᠷᠤᠯᠲᠠ᠂ ᠲᠡᠭᠡᠭᠡᠪᠦᠷᠢ ᠶᠢᠨ ᠵᠠᠮ ᠱᠤᠭᠤᠮ ᠤᠨ ᠲᠥᠯᠥᠪᠵᠢᠭᠦᠯᠭᠡ᠂ ᠣᠶᠤᠨᠴᠢ ᠪᠠᠷᠠᠭᠠᠨ ᠤ ᠭᠦᠢᠯᠭᠡᠭᠡᠨ ᠤ ᠪᠠᠶᠢᠭᠤᠯᠤᠯᠲᠠ᠂ ᠲᠠᠷᠢᠶᠠᠯᠠᠩ ᠤᠨ ᠪᠦᠲᠦᠭᠡᠭᠳᠡᠬᠦᠨ ᠲᠤᠬᠢᠷᠠᠭᠤᠯᠤᠨ ᠬᠦᠷᠭᠡᠬᠦ᠂ ᠬᠦᠢᠳᠡᠨ ᠬᠡᠯᠬᠢᠶᠡᠲᠦ ᠲᠡᠭᠡᠭᠡᠪᠦᠷᠢ ᠵᠢᠴᠢ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠪᠠᠷᠠᠭᠠᠨ ᠤ ᠭᠦᠢᠯᠭᠡᠭᠡᠨ ᠤ ᠬᠠᠮᠵᠢᠯᠴᠠᠭ᠎ᠠ ᠵᠡᠷᠭᠡ ᠪᠠᠶᠢᠳᠠᠯ ᠢ ᠨᠠᠷᠢᠨ ᠤᠶᠢᠯᠠᠭᠠᠭᠰᠠᠨ ᠪᠠᠶᠢᠨ᠎ᠠ᠃ ᠪᠠᠶᠢᠴᠠᠭᠠᠨ ᠰᠤᠳᠤᠯᠬᠤ ᠳᠤᠭᠤᠶᠢᠯᠠᠩ ᠠᠴᠠ᠂ ᠪᠠᠷᠠᠭᠠᠨ ᠤ ᠭᠦᠢᠯᠭᠡᠭᠡᠨ ᠤ ᠦᠢᠯᠡᠰ ᠨᠢ ᠠᠵᠤ ᠠᠬᠤᠢ ᠶᠢᠨ ᠬᠥᠭᠵᠢᠯᠲᠡ ᠶᠢᠨ ︽ᠠᠮᠢᠨ ᠰᠤᠳᠠᠰᠤ︾ ᠪᠣᠯᠤᠭᠰᠠᠨ ᠤ ᠬᠤᠪᠢ ᠳᠤ᠂ ᠠᠵᠤ ᠠᠬᠤᠢ ᠶᠢᠨ ᠡᠷᠭᠢᠯᠲᠡ ᠶᠢ ᠰᠢᠯᠤᠭᠤᠳᠬᠠᠬᠤ᠂ ᠠᠷᠠᠳ ᠤᠨ ᠠᠮᠢᠳᠤᠷᠠᠯ ᠤᠨ ᠬᠡᠷᠡᠭᠴᠡᠭᠡ ᠶᠢ ᠪᠠᠲᠤᠯᠠᠬᠤ ᠵᠡᠷᠭᠡ ᠲᠠᠯ᠎ᠠ ᠪᠠᠷ ᠵᠠᠩᠭᠢᠯᠠᠭ᠎ᠠ ᠶᠢᠨ ᠦᠢᠯᠡᠳᠦᠯ ᠦᠵᠡᠭᠦᠯᠵᠦ ᠪᠤᠢ᠃ ᠣᠳᠣᠬᠠᠨ ᠳᠤ᠂ ᠪᠠᠷᠠᠭᠠᠨ ᠤ ᠬᠦᠢᠯᠭᠡᠭᠡᠨ ᠤ ᠠᠵᠢᠯ ᠲᠥᠷᠥᠯ ᠳᠤ ᠥᠪᠡᠷ ᠤᠨ ᠥᠷᠲᠡᠭ ᠤᠨ ᠳᠡᠭᠡᠭᠰᠢᠯᠡᠯᠲᠡ᠂ ᠦᠷ᠎ᠡ ᠪᠦᠲᠦᠮᠵᠢ ᠶᠢᠨ ᠪᠣᠭᠤᠮᠢ  ᠶᠢᠨ ᠠᠰᠠᠭᠤᠳᠠᠯ ᠲᠤᠯᠭᠠᠷᠠᠵᠤ᠂ ᠪᠠᠷᠠᠭᠠᠨ ᠤ ᠬᠦᠢᠯᠭᠡᠭᠡᠨ ᠤ ᠵᠣᠬᠢᠶᠠᠨ  ᠪᠠᠶᠢᠭᠤᠯᠵᠢᠯᠳᠠ ᠶᠢᠨ ᠬᠡᠮᠵᠢᠶ᠎ᠡ ᠶᠢ ᠳᠡᠭᠡᠭᠰᠢᠯᠡᠭᠦᠯᠬᠦ ᠨᠢ ᠠᠵᠤ ᠠᠬᠤᠶᠢᠯᠠᠯ ᠤᠨ ᠥᠪᠡᠷ ᠤᠨ ᠥᠷᠲᠡᠭ ᠢ ᠪᠠᠭᠤᠷᠠᠭᠤᠯᠬᠤ᠂ ᠵᠠᠬ᠎ᠠ ᠳᠡᠯᠭᠡᠭᠦᠷ ᠤᠨ ᠥᠷᠢᠰᠥᠯᠳᠦᠬᠦ ᠬᠦᠴᠦᠨ ᠢ ᠳᠡᠭᠡᠭᠰᠢᠯᠡᠭᠦᠯᠬᠦ ᠶᠢᠨ ᠵᠠᠶᠢᠯᠠᠰᠢ ᠥᠬᠡᠶ ᠰᠣᠩᠭᠤᠯᠲᠠ ᠪᠤᠯᠵᠤ᠂ ᠨᠠᠩ ᠴᠤ ᠡᠯ᠎ᠡ ᠭᠠᠵᠠᠷ ᠤᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠴᠢᠬᠤᠯᠠ ᠭᠠᠷᠳᠠᠴᠠ ᠪᠤᠯᠵᠠᠢ᠃ ᠤᠯᠤᠰ ᠲᠦᠷᠦ ᠶᠢᠨ ᠵᠥᠪᠯᠡᠯᠭᠡᠨ ᠤ ᠬᠢᠨ ᠵᠥᠪᠯᠡᠯᠭᠡ ᠬᠢᠵᠦ ᠵᠠᠰᠠᠭ ᠤᠨ ᠶᠠᠪᠤᠳᠠᠯ ᠢ ᠵᠥᠪᠯᠡᠬᠦ ᠦᠢᠯᠡᠳᠦᠯ  ᠴᠢᠳᠠᠮᠵᠢ ᠪᠠᠨ ᠭᠦᠢᠴᠡᠳ ᠪᠠᠳᠠᠷᠠᠭᠤᠯᠵᠤ᠂  ᠡᠨᠡ ᠤᠳᠠᠭᠠᠨ ᠤ ᠪᠠᠶᠢᠴᠠᠭᠠᠨ ᠰᠤᠳᠤᠯᠤᠯᠲᠠ ᠪᠠᠷ ᠢᠯᠡᠷᠡᠬᠦᠯᠦᠭᠰᠡᠨ ᠠᠰᠠᠭᠤᠳᠠᠯ ᠤᠳ ᠢ ᠭᠦᠨᠵᠡᠭᠡᠢ ᠵᠠᠳᠠᠯᠤᠨ᠂  ᠴᠢᠨᠠᠷ ᠰᠠᠶᠢᠲᠠᠢ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ ᠶᠢ ᠲᠤᠭᠤᠷᠪᠢᠵᠤ᠂ ᠵᠠᠰᠠᠭ ᠤᠨ ᠣᠷᠳᠣᠨ ᠤ ᠰᠢᠢᠳᠪᠦᠷᠢᠲᠦ ᠪᠤᠳᠤᠯᠭ᠎ᠠ ᠲᠣᠭᠲᠠᠭᠠᠬᠤ ᠳᠤ ᠰᠢᠨᠵᠢᠯᠡᠬᠦ ᠤᠬᠠᠭᠠᠨᠴᠢ ᠦᠨᠳᠦᠰᠦᠯᠡᠯ ᠬᠠᠩᠭᠠᠨ᠂ ᠪᠠᠷᠠᠭᠠᠨ ᠤ ᠭᠦᠢᠯᠭᠡᠭᠡᠨ ᠤ ᠦᠢᠯᠡᠰ ᠤᠨ ᠥᠪᠡᠷ ᠤᠨ ᠦᠷᠳᠡᠭ ᠢ ᠪᠠᠭᠤᠷᠠᠭᠤᠯᠤᠨ ᠦᠷ᠎ᠡ ᠠᠰᠢᠭ ᠢ ᠨᠡᠮᠡᠭᠳᠡᠭᠦᠯᠬᠦ ᠳᠤ ᠬᠦᠴᠦᠨ ᠨᠡᠮᠡᠷᠢᠯᠡᠵᠦ᠂ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠬᠦᠯᠬᠦ ᠭᠡᠷᠡᠭᠳᠡᠢ ᠬᠡᠵᠦ ᠴᠢᠬᠤᠯᠠᠴᠢᠯᠠᠪᠠ᠃
 
ᠢᠷᠡᠯᠲᠡ᠄ ᠲᠠᠶᠢᠹᠤᠰᠧ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号