ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/5/26
   5 ᠰᠠᠷ᠎ᠠ ᠶᠢᠨ 22 ᠤᠨ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠴᠧᠨ ᠶᠠᠨ ᠪᠦᠦ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠠᠶᠢᠹᠤᠰᠧ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ 136 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠵᠢᠴᠢ ᠬᠤᠰᠢᠭᠤᠨ ᠤ ︽ᠲᠠᠪᠤᠨ ᠶᠡᠭᠡ ᠡᠭᠦᠷᠭᠡ ᠶᠢ ᠪᠡᠶᠡᠯᠡᠭᠦᠯᠵᠦ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ  ︾ ᠠᠵᠢᠯ ᠤᠨ ᠤᠳᠤᠷᠢᠳᠬᠤ ᠳᠤᠭᠤᠶᠢᠯᠠᠩ ᠤᠨ  ᠬᠤᠷᠠᠯ᠂  ᠬᠤᠰᠢᠭᠤ ᠨᠠᠮ ᠤᠨ ᠬᠤᠷᠢᠶᠠᠨ ᠤ ᠨᠢᠬᠡᠳᠦᠮᠡᠯ ᠹᠠᠷᠤᠨᠲ ᠤᠨ ᠠᠵᠢᠯ ᠤᠨ ᠤᠳᠤᠷᠢᠳᠬᠤ ᠳᠤᠭᠤᠶᠢᠯᠠᠩ ᠤᠨ 2025 ᠤᠨ ᠤ ᠠᠩᠬᠠᠳᠤᠭᠠᠷ ᠬᠤᠷᠠᠯ᠂  ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠤᠳᠤᠷᠢᠳᠬᠤ ᠳᠤᠭᠤᠶᠢᠯᠠᠩ ︵︽ᠬᠤᠶᠠᠷ ᠢ ᠬᠦᠷᠢᠶᠡᠯᠡᠬᠦ︾ ᠠᠵᠢᠯ ᠤᠨ ᠤᠳᠤᠷᠢᠳᠬᠤ ᠳᠤᠭᠤᠶᠢᠯᠠᠩ︶ ᠤᠨ ᠬᠤᠷᠠᠯ᠂ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ᠂ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠰᠢ ᠶᠢᠨ ᠫᠢᠩ ᠤᠨ ᠠᠵᠤ ᠠᠬᠤᠶ ᠶᠢᠨ ᠦᠵᠡᠯ ᠰᠠᠨᠠᠭᠠᠨ ᠤ ᠬᠠᠮᠢᠶ᠎ᠠ ᠪᠥᠬᠦᠶ ᠠᠭᠤᠯᠭ᠎ᠠ ᠵᠢᠴᠢ ᠳᠡᠭᠡᠳᠦ ᠱᠠᠲᠤᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠠᠮᠢᠶ᠎ᠠ ᠪᠥᠬᠦᠶ ᠪᠢᠴᠢᠭ ᠮᠠᠲ᠋ᠧᠷᠢᠶᠠᠯ ᠢ ᠰᠤᠳᠤᠯᠤᠨ ᠵᠥᠪᠯᠡᠪᠡ᠃ ᠬᠤᠷᠠᠯ ᠠᠴᠠ ᠴᠢᠬᠤᠯᠠᠴᠢᠯᠠᠬᠤ ᠳᠠᠭᠠᠨ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭᠠᠨ ᠤ ᠰᠤᠷᠤᠯᠴᠠᠯᠭ᠎ᠠ ᠬᠥᠮᠦᠵᠢᠯ ᠤᠨ ᠴᠢᠬᠤᠯᠠ ᠠᠴᠢ ᠬᠤᠯᠪᠣᠭᠳᠠᠯ ᠢ ᠭᠦᠨᠵᠡᠭᠡᠶ ᠲᠠᠨᠢᠵᠤ᠂ ᠰᠤᠷᠤᠯᠴᠠᠯᠭ᠎ᠠ  ᠪᠠᠶᠢᠴᠠᠭᠠᠯᠳᠠ ᠴᠡᠭᠴᠡᠯᠡᠯᠳᠡ ᠶᠢ ᠨᠢᠭᠡ ᠴᠣᠭᠴᠠᠵᠢᠭᠤᠯᠤᠨ ᠠᠬᠢᠭᠤᠯᠬᠤ ᠳᠡᠭᠡᠷ᠎ᠡ ᠬᠦᠴᠦ ᠲᠠᠯᠪᠢᠵᠤ᠂ ᠰᠤᠷᠤᠯᠴᠠᠯᠭ᠎ᠠ ᠴᠢᠨᠠᠷ ᠲᠠᠢ᠂ ᠪᠠᠶᠢᠴᠠᠭᠠᠯᠳᠠ ᠡᠷᠴᠢᠮ ᠲᠠᠢ᠂ ᠴᠡᠭᠴᠡᠯᠡᠯᠳᠡ ᠪᠦᠲᠦᠮᠵᠢ ᠲᠠᠢ ᠪᠠᠶᠢᠬᠤ ᠶᠢ ᠪᠡᠶᠡᠯᠡᠬᠦᠯᠦᠨ᠂ ᠰᠤᠷᠲᠠᠯ ᠤᠨ ᠪᠠᠶᠢᠭᠤᠯᠤᠯᠲᠠ ᠶᠢᠨ ᠰᠢᠨ᠎ᠡ ᠦᠷ᠎ᠡ ᠪᠦᠲᠦᠮᠵᠢ ᠪᠠᠷ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠪᠠᠶᠢᠳᠠᠯ ᠢ ᠡᠭᠦᠳᠬᠦ ᠬᠡᠷᠡᠭᠲᠡᠶ᠃ ᠨᠢᠭᠡᠳᠦᠮᠡᠯ ᠹᠷᠣᠨᠲ᠂ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠬᠦᠷᠢᠶ᠎ᠡ ᠴᠠᠷᠠᠭ᠎ᠠ ᠳᠠᠬᠢ ᠭᠤᠤᠯᠳᠠᠯᠭ᠎ᠠ ᠲᠠᠢ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠤᠰ ᠲᠥᠷᠥ ᠶᠢᠨ ᠬᠠᠷᠢᠭᠤᠴᠠᠯᠭ᠎ᠠ ᠶᠢ ᠪᠠᠲᠤ ᠡᠭᠦᠷᠭᠡᠯᠡᠨ᠂ ᠵᠠᠩᠭᠢᠯᠠᠭ᠎ᠠ ᠶᠢᠨ ᠡᠭᠦᠷᠭᠡ ᠶᠢ ᠲᠣᠭᠲᠠᠭᠠᠵᠤ᠂ ᠳᠠᠪᠠᠭᠤᠯᠢᠭ ᠬᠦᠴᠦᠨ ᠢ ᠲᠥᠪᠯᠡᠷᠡᠭᠦᠯᠦᠨ᠂ ᠬᠤᠰᠢᠭᠤ ᠨᠠᠮ ᠵᠠᠰᠠᠭ ᠤᠨ ᠭᠤᠤᠯᠳᠠᠯᠭ᠎ᠠ ᠲᠠᠢ ᠠᠵᠢᠯ ᠡᠭᠦᠷᠭᠡ ᠶᠢᠨ ᠲᠣᠭᠤᠷᠢᠨ ᠳᠤ ᠡᠯ᠎ᠡ ᠡᠲᠡᠭᠡᠳ ᠤᠨ ᠬᠥᠮᠦᠰ ᠲᠠᠢ ᠪᠦᠯᠬᠦᠮᠳᠡᠬᠦ᠂ ᠰᠠᠶᠢᠨ ᠰᠠᠶᠢᠬᠠᠨ ᠨᠡᠶᠢᠭᠡᠮ ᠤᠨ ᠬᠥᠭᠵᠢᠯᠲᠡ ᠶᠢᠨ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠪᠣᠶ ᠪᠣᠯᠭᠠᠬᠤ ᠳᠡᠭᠡᠷ᠎ᠡ ᠬᠦᠴᠦ ᠲᠠᠯᠪᠢᠬᠤ ᠬᠡᠷᠡᠭᠲᠡᠶ᠃ ︽ᠲᠠᠪᠤᠨ ᠶᠡᠭᠡ ᠡᠭᠦᠷᠭᠡ︾ ᠶᠢ ᠰᠠᠶᠢᠲᠤᠷ ᠪᠡᠶᠡᠯᠡᠭᠦᠯᠬᠦ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠶ ᠲᠠᠨᠢᠵᠤ᠂ ᠡᠯ᠎ᠡ ᠲᠦᠷᠦᠯ ᠤᠨ ᠨᠠᠶᠢᠳᠠᠪᠤᠷᠢᠵᠢᠭᠤᠯᠬᠤ ᠠᠷᠭ᠎ᠠ  ᠬᠡᠮᠵᠢᠶᠡᠨ ᠤ ᠰᠢᠨ᠎ᠡ ᠦᠷ᠎ᠡ ᠪᠦᠲᠦᠮᠵᠢ ᠤᠯᠬᠤ ᠶᠢ ᠱᠠᠯᠠᠪᠳᠠᠨ ᠠᠬᠢᠭᠤᠯᠵᠤ᠂ ︽ᠰᠢᠢᠳᠪᠦᠷᠢᠯᠡᠬᠦ ᠰᠡᠳᠬᠢᠬᠦᠶ︾ ᠪᠠᠷ ᠠᠵᠢᠯ ᠤᠨ ᠣᠨᠣᠪᠴᠢᠲᠤ ᠴᠢᠨᠠᠷ ᠪᠠ ᠪᠦᠲᠦᠮᠵᠢᠲᠦ ᠴᠢᠨᠠᠷ ᠢ ᠳᠡᠭᠡᠭᠰᠢᠯᠡᠭᠦᠯᠬᠦ ᠬᠡᠷᠡᠭᠲᠡᠶ᠃ ᠶᠡᠷᠦᠩᠬᠡᠶ ᠱᠦᠵᠢ ᠰᠢ ᠶᠢᠨ ᠫᠢᠩ ᠤᠨ ᠴᠡᠷᠢᠭ ᠠᠴᠠ ᠬᠠᠯᠠᠭᠳᠠᠭᠰᠠᠳ ᠤᠨ ᠠᠵᠢᠯ ᠤᠨ ᠲᠤᠬᠠᠶ ᠴᠢᠬᠤᠯᠠ ᠥᠭᠦᠯᠡᠯᠲᠡ ᠪᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠡᠷᠡᠰ ᠨᠠᠶᠢᠳᠠᠪᠤᠷᠢᠵᠢᠭᠤᠯᠵᠤ᠂ ᠦᠵᠡᠯ ᠰᠠᠨᠠᠭ᠎ᠠ ᠪᠠᠨ ᠴᠢᠯᠥᠭᠡᠯᠡᠨ᠂ ᠦᠨᠡᠨ ᠪᠣᠳᠠᠲᠠᠶ ᠠᠵᠢᠯᠯᠠᠵᠤ᠂ ᠪᠥᠬᠦ ᠬᠤᠰᠢᠭᠤᠨ ᠤ ᠴᠡᠷᠢᠭ ᠠᠴᠠ ᠬᠠᠯᠠᠭᠳᠠᠭᠰᠠᠳ ᠤᠨ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠬᠡᠷᠡᠭᠲᠡᠶ ᠬᠡᠪᠡ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号