5 ᠰᠠᠷ᠎ᠠ ᠶᠢᠨ 21 ᠤ ᠡᠳᠦᠷ ᠠᠴᠠ 23 ᠤ ᠡᠳᠦᠷ ᠪᠣᠯᠲᠠᠯ᠎ᠠ᠂ ᠲᠠᠶᠢᠹᠤᠰᠧ ᠬᠤᠰᠢᠭᠤᠨ ᠤ ᠲᠠᠷᠢᠶᠠᠯᠠᠩ ᠮᠠᠯ | ᠠᠵᠤ ᠠᠬᠤᠶ ᠶᠢᠨ ᠮᠡᠷᠭᠡᠵᠢᠯ ᠳᠡᠯᠭᠡᠷᠡᠭᠦᠯᠬᠦ ᠲᠥᠪ ᠨᠢ ᠮᠢᠬᠠᠨ ᠤ ᠦᠬᠡᠷ ᠤᠨ ᠢᠴᠡᠭᠡᠯ ᠦᠷ᠎ᠡ ᠶᠢᠨ | ᠬᠡᠭᠡᠯᠲᠦᠭᠦᠯᠭᠡ ᠶᠢᠨ ᠮᠡᠷᠭᠡᠵᠢᠯ ᠢ ᠳᠡᠭᠡᠭᠰᠢᠯᠡᠭᠦᠯᠬᠦ ᠪᠠ ᠮᠠᠯ ᠰᠦᠷᠦᠭ ᠤᠨ ᠡᠭᠦᠯᠳᠡᠷ ᠢ ᠰᠠᠶᠢᠵᠢᠷᠠᠭᠤᠯᠬᠤ | ᠮᠡᠷᠭᠡᠵᠢᠯᠲᠡᠨ ᠤ ᠪᠣᠯᠪᠠᠰᠤᠷᠠᠯ ᠡᠷᠭᠢᠯᠡᠵᠦ᠂ ᠡᠯ᠎ᠡ ᠰᠤᠮᠤ ᠰᠢᠶᠠᠩ ᠪᠠᠯᠭᠠᠰᠤᠨ ᠤ 116 ᠨᠡᠷ᠎ᠡ ᠮᠠᠯ ᠠᠵᠤ ᠠᠬᠤᠶ ᠶᠢᠨ | ᠮᠡᠷᠭᠡᠵᠢᠯᠲᠡᠨ ᠪᠣᠯᠪᠠᠰᠤᠷᠠᠯ ᠳᠤ ᠤᠷᠤᠯᠴᠠᠵᠠᠢ᠃ ᠰᠤᠷᠤᠯᠭ᠎ᠠ ᠡᠬᠢᠯᠡᠬᠦ ᠬᠤᠷᠠᠯ ᠲᠡᠭᠡᠷ᠎ᠡ᠂ ᠲᠠᠷᠢᠶᠠᠯᠠᠩ ᠮᠠᠯ ᠠᠵᠤ | ᠠᠬᠤᠶ ᠶᠢᠨ ᠲᠣᠪᠴᠢᠶᠠᠨ ᠤ ᠬᠠᠮᠢᠶ᠎ᠠ ᠪᠦᠬᠦᠢ ᠬᠠᠷᠢᠭᠤᠴᠠᠯᠭᠠᠳᠠᠨ ᠠᠴᠠ ᠨᠢᠳᠤᠨᠤᠨ ᠤ ᠠᠵᠢᠯ ᠢᠶᠠᠨ ᠳ᠋ᠦᠩᠨᠡᠵᠦ᠂ | ᠡᠨᠡ ᠵᠢᠯ ᠤᠨ ᠭᠤᠤᠯᠳᠠᠯᠭ᠎ᠠ ᠲᠠᠢ ᠠᠵᠢᠯ ᠡᠬᠦᠷᠭᠡ ᠶᠢ ᠪᠠᠶᠢᠷᠢᠯᠠᠭᠤᠯᠤᠭᠰᠠᠨ ᠪᠦᠭᠡᠳ ︽2025 ᠣᠨ ᠤ ᠰᠢᠯᠢ ᠶᠢᠨ | ᠭᠤᠤᠯ ᠠᠶᠢᠮᠠᠭ ᠤᠨ ᠦᠷ᠎ᠡ ᠶᠢᠨ ᠮᠠᠯ ᠵᠢᠭᠦᠷᠲᠡᠨ ᠤ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢᠨ ᠠᠵᠢᠯ ᠤᠨ | ᠲᠤᠬᠠᠢ ᠮᠡᠳᠡᠭᠳᠡᠯ︾ ᠪᠠ ︽2024 ᠣᠨ ᠤ ᠪᠥᠬᠦ ᠬᠤᠰᠢᠭᠤᠨ ᠤ ᠢᠴᠡᠭᠡᠯ ᠦᠷ᠎ᠡ ᠶᠢᠨ ᠭᠡᠭᠡᠯᠳᠦᠬᠦᠯᠭᠡ ᠶᠢᠨ | ᠠᠵᠢᠯᠳᠠᠨ ᠢ ᠬᠢᠨᠠᠨ ᠰᠢᠯᠭᠠᠭᠰᠠᠨ ᠵᠠᠷᠯᠠᠯ︾ ᠢ ᠤᠯᠠᠮᠵᠢᠯᠠᠵᠤ᠂ 2024 ᠣᠨ ᠤ ᠰᠢᠯᠢᠳᠡᠭ ᠬᠡᠬᠡᠯᠳᠦᠬᠦᠯᠭᠡ ᠶᠢᠨ | ᠠᠵᠢᠯᠳᠠᠳ ᠲᠤ ᠦᠨᠡᠮᠯᠡᠯ ᠱᠠᠩᠨᠠᠯ ᠣᠯᠭᠤᠪᠠ᠃ ᠡᠨᠡ ᠤᠳᠠᠭᠠᠨ ᠤ ᠪᠣᠯᠪᠠᠰᠤᠷᠠᠯ ᠨᠢ ᠣᠨᠣᠯ ᠦᠢᠯᠡᠳᠦᠯᠭᠡ ᠶᠢ | ᠤᠶᠠᠯᠳᠤᠭᠤᠯᠬᠤ ᠬᠡᠯᠪᠡᠷᠢ ᠪᠠᠷ ᠶᠠᠪᠤᠭᠳᠠᠵᠤ᠂ ᠰᠢᠯᠢ ᠶᠢᠨ ᠭᠤᠤᠯ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ | ᠫᠷᠤᠹᠧᠰᠰᠤᠷ ᠪᠠᠶᠠᠰᠬᠤᠯᠠᠩ᠂ ᠰᠢᠤᠢ ᠭᠦᠢ ᠵᠢᠶᠧ᠂ ᠯᠢ ᠯᠢ ᠰᠢᠶᠠ ᠶᠢ ᠤᠷᠢᠵᠤ ︽ᠲᠡᠵᠢᠭᠡᠯ ᠪᠣᠷᠳᠤᠭ᠎ᠠ | ᠡᠳ᠋ᠰᠢᠬᠦᠯᠬᠦ ᠪᠠ ᠠᠰᠢᠭᠯᠠᠬᠤ︾ ︽ᠠᠮᠢᠲᠠᠨ ᠤ ᠡᠪᠡᠳᠴᠢᠨ ᠬᠢᠵᠢᠭ ᠢ ᠰᠡᠷᠭᠡᠶᠢᠯᠡᠨ ᠵᠠᠰᠠᠬᠤ ︾ ︽ ᠢᠴᠢᠭᠡᠯ ᠦᠷ᠎ᠡ | ᠶᠢᠨ ᠬᠡᠬᠡᠯᠳᠦᠬᠦᠯᠭᠡ ᠬᠢᠬᠦ ︾ ᠵᠡᠷᠭᠡ ᠣᠨᠣᠯ ᠤᠨ ᠮᠡᠳᠡᠯᠭᠡ ᠶᠢ ᠵᠢᠯᠤᠭᠤᠳᠤᠯᠭ᠎ᠠ ᠦᠢᠯᠡᠳᠦᠯᠭᠡ ᠲᠠᠢ | ᠤᠶᠠᠯᠳᠤᠭᠤᠯᠤᠨ ᠲᠠᠶᠢᠯᠪᠤᠷᠢᠯᠠᠭᠠᠳ᠂ ᠪᠣᠯᠪᠠᠰᠤᠷᠠᠯ ᠳᠤ ᠣᠷᠣᠯᠴᠠᠭᠰᠠᠳ ᠤᠨ ᠮᠡᠳᠡᠯᠭᠡ ᠶᠢ ᠪᠠᠶᠠᠯᠢᠭᠵᠢᠭᠤᠯᠵᠤ | ᠮᠡᠷᠭᠡᠵᠢᠯ ᠢ ᠲᠡᠭᠡᠭᠰᠢᠯᠡᠬᠦᠯᠦᠭᠰᠡᠨ ᠪᠠᠶᠢᠨ᠎ᠠ᠃ ᠪᠣᠯᠪᠠᠰᠤᠷᠠᠯ ᠳᠠᠭᠤᠰᠤᠭᠰᠠᠨ ᠤ ᠳᠠᠷᠠᠭ᠎ᠠ᠂ ᠢᠴᠡᠭᠡᠯ ᠦᠷ᠎ᠡ ᠶᠢᠨ | ᠬᠡᠭᠡᠯᠲᠦᠭᠦᠯᠭᠡ ᠶᠢᠨ ᠠᠵᠢᠯ ᠢ ᠭᠤᠷᠪᠠᠨ ᠵᠢᠯ ᠠᠴᠠ ᠳᠡᠭᠡᠭᠰᠢ ᠬᠢᠭᠰᠡᠨ 59 ᠬᠥᠮᠦᠨ ᠳᠤ ᠠᠵᠢᠯ ᠮᠡᠷᠭᠡᠵᠢᠯ ᠤᠨ ᠵᠡᠷᠭᠡ | ᠳᠡᠰ ᠢ ᠬᠢᠨᠠᠨ ᠲᠣᠭᠲᠠᠭᠠᠬᠤ ᠰᠢᠯᠭᠠᠯᠲᠠ ᠬᠢᠪᠠ᠃ ᠡᠨᠡ ᠤᠳᠠᠭᠠᠨ ᠤ ᠪᠣᠯᠪᠠᠰᠤᠷᠠᠯ ᠢᠶᠠᠷ ᠲᠠᠮᠵᠢᠭᠠᠳ᠂ ᠢᠴᠡᠭᠡᠯ | ᠦᠷ᠎ᠡ ᠶᠢᠨ ᠬᠡᠬᠡᠯᠳᠦᠭᠦᠯᠭᠡ ᠶᠢᠨ ᠠᠵᠢᠯᠲᠠᠨ ᠤ ᠲᠦᠷᠢᠮᠵᠢᠭᠰᠡᠨ ᠬᠠᠮᠢᠶᠠᠷᠤᠯᠲᠠ ᠶᠢ ᠴᠢᠩᠭᠠᠳᠬᠠᠵᠤ᠂ ᠦᠨᠡᠮᠯᠡᠯ ᠲᠠᠢ | ᠪᠠᠷ ᠠᠵᠢᠯ ᠤᠨ ᠪᠠᠶᠢᠷᠢ ᠳᠤ ᠭᠠᠷᠬᠤ ᠬᠠᠷᠠᠯᠲᠠ ᠶᠢ ᠠᠯᠬᠤᠮ ᠠᠯᠬᠤᠮ ᠢᠶᠠᠷ ᠪᠡᠶᠡᠯᠡᠬᠦᠯᠦᠨ᠂ ᠥᠷᠭᠡᠨ ᠣᠯᠠᠨ | ᠬᠡᠭᠡᠯᠲᠦᠭᠦᠯᠭᠡ ᠶᠢᠨ ᠠᠵᠢᠯᠳᠠᠨ ᠤ ᠣᠨᠣᠯ ᠤᠨ ᠬᠢᠷᠢ ᠲᠦᠪᠰᠢᠨ ᠪᠠ ᠪᠣᠳᠠᠲᠠᠶ ᠠᠵᠢᠯ ᠤᠨ ᠴᠢᠳᠠᠪᠤᠷᠢ ᠶᠢ ᠤᠯᠠᠮ | ᠲᠡᠭᠡᠭᠰᠢᠯᠡᠬᠦᠯᠵᠦ᠂ ᠮᠢᠬᠠᠨ ᠤ ᠦᠬᠡᠷ ᠤᠨ ᠰᠠᠶᠢᠨ ᠡᠭᠦᠯᠳᠡᠷ ᠢ ᠦᠷᠡᠵᠢᠭᠦᠯᠦᠨ ᠪᠤᠶᠢᠵᠢᠭᠤᠯᠬᠤ ᠠᠵᠢᠯ ᠤᠨ | ᠡᠷᠴᠢᠮ ᠢ ᠲᠦᠷᠭᠡᠳᠬᠡᠨ ᠠᠬᠢᠭᠤᠯᠬᠤ ᠳᠤ ᠠᠰᠢᠭᠲᠠᠶ ᠨᠥᠬᠦᠴᠡᠯ ᠢ ᠡᠬᠦᠳᠦᠨ᠂ ᠣᠳᠣᠬᠢᠴᠢᠯᠠᠭᠰᠠᠨ ᠮᠠᠯ ᠠᠵᠤ | ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠴᠢᠳᠠᠪᠤᠷᠢᠲᠠᠨ ᠤ ᠪᠠᠲᠤᠯᠠᠭ᠎ᠠ ᠪᠠ ᠮᠡᠷᠭᠡᠵᠢᠯ ᠤᠨ | ᠲᠤᠯᠭᠠᠭᠤᠷᠢᠯᠠᠯ ᠬᠠᠩᠭᠠᠵᠤ᠂ ᠪᠥᠬᠦ ᠬᠤᠰᠢᠭᠤᠨ ᠤ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠰᠠᠶᠢᠨ | ᠰᠠᠭᠤᠷᠢ ᠶᠢ ᠲᠠᠯᠪᠢᠭᠰᠠᠨ ᠪᠠᠶᠢᠨ᠎ᠠ᠃ |