ᠦᠨᠳᠦᠰᠦᠲᠡᠨ ᠤ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠶᠢᠨ ᠰᠠᠷ᠎ᠠ —  ᠡᠮᠡᠭᠲᠡᠶᠢᠴᠦᠳ ᠤᠨ ᠬᠤᠯᠪᠤᠭᠠᠨ ᠤ ᠬᠢᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠤᠬᠠᠭᠤᠯᠤᠭᠰᠠᠨ
ᠨᠡᠶᠢᠲᠡᠯᠡᠭᠰᠡᠨ ᠴᠠᠭ᠄
2025/5/26
    ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠪᠣᠯᠤᠨ ᠥᠪᠥᠷ ᠮᠣᠩᠭᠤᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮ ᠬᠦᠨᠵᠡᠬᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠭᠦᠳᠦᠨ ᠪᠠᠶᠢᠭᠤᠯᠬᠤ ᠠᠵᠢᠯ ᠢ ᠯᠠᠪᠳᠠᠭᠤᠨ ᠪᠠᠲᠤᠲᠠᠶ ᠠᠬᠢᠭᠤᠯᠤᠨ᠂ ᠨᠠᠮ ᠤᠨ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠪᠣᠯᠤᠨ ᠬᠠᠤᠯᠢ ᠴᠠᠭᠠᠵᠠ ᠲᠦᠷᠢᠮ ᠲᠣᠭᠲᠠᠭᠠᠯ ᠤᠨ ᠤᠬᠠᠭᠤᠯᠭ᠎ᠠ ᠶᠢ ᠴᠢᠩᠭᠠᠳᠬᠠᠬᠤ ᠶᠢᠨ ᠲᠥᠯᠥᠭᠡ᠂ ᠣᠶᠢᠷ᠎ᠠ ᠳᠤ ᠲᠠᠶᠢᠹᠤᠰᠧ ᠬᠤᠰᠢᠭᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ  ᠨᠢ ᠺᠠᠳ᠋ᠷ ᠠᠵᠢᠯᠳᠠᠳ ᠪᠠ ᠡᠮᠡᠭᠳᠡᠢ ᠰᠠᠶᠢᠨ ᠳᠤᠷ᠎ᠠ ᠶᠢᠨ ᠦᠢᠯᠡᠴᠢᠯᠡᠭᠴᠢᠳ ᠢ ᠵᠣᠬᠢᠶᠠᠨ ᠪᠠᠶᠢᠭᠤᠯᠵᠤ 2025 ᠣᠨ ᠤ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾ ︽ᠦᠨᠳᠦᠰᠦᠲᠡᠨ ᠤ ᠬᠠᠤᠯᠢ ᠪᠠᠷ ᠵᠠᠰᠠᠬᠤ ᠤᠬᠠᠭᠤᠯᠭ᠎ᠠ ᠶᠢᠨ ᠭᠠᠷᠠᠭ︾ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ ᠠᠬᠤᠢ ᠲᠠᠯᠠᠪᠠᠶ ᠳᠤ ᠠᠰᠠᠭᠤᠨ ᠯᠠᠪᠯᠠᠬᠤ ᠲᠠᠪᠴᠠᠩ ᠭᠠᠷᠭᠠᠬᠤ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠬᠤ᠂ ᠬᠡᠷᠡᠭ ᠤᠨ ᠵᠢᠱᠢᠶ᠎ᠡ ᠶᠢ ᠶᠠᠷᠢᠬᠤ ᠵᠡᠷᠭᠡ ᠬᠡᠯᠪᠡᠷᠢ ᠪᠠᠷ ᠣᠯᠠᠨ ᠲᠦᠮᠡᠨ ᠳᠤ ᠦᠨᠳᠦᠰᠦᠲᠡᠨ ᠤ ᠲᠥᠷᠥ ᠶᠢᠨ ᠪᠣᠳᠣᠯᠭ᠎ᠠ ᠪᠠ ᠬᠠᠤᠯᠢ ᠲᠦᠷᠢᠮ ᠢ ᠲᠦᠭᠡᠮᠡᠯᠵᠢᠭᠦᠯᠵᠡᠶ᠃ ᠡᠭᠦᠨ ᠤ ᠬᠠᠮᠲᠤ ︽ᠭᠡᠷ ᠪᠦᠯᠢ ᠶᠢᠨ ᠬᠥᠮᠦᠵᠢᠯ ᠢ ᠠᠬᠢᠭᠤᠯᠬᠤ ᠬᠠᠤᠯᠢ︾ ︽ᠭᠡᠷ ᠪᠦᠯᠢ ᠶᠢᠨ ᠬᠦᠴᠦᠷᠬᠡᠭᠯᠡᠯ ᠢ ᠡᠰᠡᠷᠭᠦᠴᠡᠬᠦ ᠬᠠᠤᠯᠢ︾ ︽ᠡᠮᠡᠭᠲᠡᠶᠢᠴᠦᠳ ᠤᠨ ᠡᠷᠬᠡ ᠠᠰᠢᠭ ᠢ ᠬᠠᠮᠠᠭᠠᠯᠠᠬᠤ ᠬᠠᠤᠯᠢ︾ ᠵᠡᠷᠭᠡ ᠡᠮᠡᠭᠲᠡᠶᠢᠴᠦᠳ ᠤᠨ ᠠᠵᠢᠯ ᠠᠮᠢᠳᠤᠷᠠᠯ ᠯᠤᠭ᠎ᠠ ᠨᠢᠬᠳᠠ ᠬᠤᠯᠪᠤᠭᠳᠠᠭᠰᠠᠨ ᠬᠠᠤᠯᠢ ᠲᠦᠷᠢᠮ ᠢ ᠤᠬᠠᠭᠤᠯᠵᠤ᠂ ᠬᠡᠷᠡᠭ ᠤᠨ ᠵᠢᠱᠢᠶ᠎ᠡ ᠪᠠᠷ ᠬᠠᠤᠯᠢ ᠴᠠᠭᠠᠵᠠ ᠶᠢ ᠲᠠᠶᠢᠯᠪᠤᠷᠢᠯᠠᠨ᠂ ᠦᠷᠭᠡᠨ ᠤᠯᠠᠨ ᠡᠮᠡᠭᠳᠡᠶᠢᠴᠤᠳ ᠤᠨ ᠡᠷᠬᠡ ᠠᠰᠢᠭ ᠢᠶᠠᠨ ᠬᠠᠮᠠᠭᠠᠯᠠᠬᠤ ᠪᠠ ᠥᠪᠡᠷ ᠢ ᠪᠠᠨ ᠬᠠᠮᠠᠭᠠᠯᠠᠬᠤ ᠤᠬᠠᠮᠰᠠᠷ ᠢ ᠴᠢᠩᠭᠠᠳᠬᠠᠪᠠ᠃ ᠲᠠᠷᠠᠭᠠᠴᠢ ᠶᠢᠨ ᠠᠯᠬᠤᠮ ᠳᠤ᠂ ᠬᠤᠰᠢᠭᠤᠨ ᠤ ᠡᠮᠡᠭᠲᠡᠶᠢᠴᠦᠳ ᠤᠨ ᠬᠤᠯᠪᠤᠭ᠎ᠠ ᠨᠢ ᠤᠬᠠᠭᠤᠯᠭ᠎ᠠ ᠶᠢᠨ ᠠᠭᠤᠯᠭ᠎ᠠ ᠪᠠᠨ ᠪᠠᠶᠠᠯᠢᠭᠵᠢᠭᠤᠯᠵᠤ᠂ ᠤᠬᠠᠭᠤᠯᠭ᠎ᠠ ᠶᠢᠨ ᠬᠡᠯᠪᠡᠷᠢ ᠶᠢ ᠰᠢᠨᠡᠴᠢᠯᠡᠨ᠂ ᠦᠨᠳᠦᠰᠦᠲᠡᠨ ᠤ ᠪᠦᠯᠬᠦᠮᠳᠡᠯ ᠤᠨ ᠬᠠᠮᠢᠶᠠᠳᠠᠢ ᠤᠬᠠᠭᠤᠯᠭ᠎ᠠ ᠶᠢᠨ ᠠᠵᠢᠯᠯᠠᠭ᠎ᠠ ᠶᠢ ᠪᠠᠶᠢᠩᠭᠤ ᠥᠷᠨᠢᠭᠦᠯᠵᠦ᠂ ᠡᠮᠡᠭᠲᠡᠶᠢᠴᠦᠳ ᠢ ᠵᠢᠯᠤᠭᠤᠳᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠬᠠᠮᠠᠭᠠᠯᠠᠬᠤ᠂ ᠨᠡᠶᠢᠭᠡᠮ ᠤᠨ ᠡᠶ᠎ᠡ ᠵᠣᠬᠢᠴᠠᠯ ᠢ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠬᠦ ᠪᠠᠷ ᠪᠠᠶᠢᠨ᠎ᠠ᠃
 
ᠢᠷᠡᠯᠲᠡ᠄ ᠲᠠᠶᠢᠹᠤᠰᠧ ᠬᠤᠰᠢᠭᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号