5 ᠰᠠᠷ᠎ᠠ ᠶᠢᠨ 22 ᠤᠨ ᠡᠳᠦᠷ᠂ ᠭᠦᠨᠪᠤᠯᠠᠭ ᠰᠤᠮᠤ 2025 ᠣᠨ ᠤ ᠤᠰᠤᠨ ᠤ ᠰᠦᠢᠳᠭᠡᠯ ᠬᠤᠷᠢᠶᠠᠬᠤ | ᠠᠵᠢᠯ ᠢ ᠠᠬᠢᠭᠤᠯᠬᠤ ᠬᠤᠷᠠᠯ ᠬᠤᠷᠠᠯᠳᠤᠭᠤᠯᠵᠤ᠂ ᠳᠡᠳ᠋ ᠰᠤᠮᠤᠨ ᠳᠠᠷᠤᠭ᠎ᠠ ᠦᠷᠴᠠᠶᠢᠬᠤ ᠬᠤᠷᠠᠯ ᠢ ᠡᠷᠬᠢᠯᠡᠨ᠂ | ᠡᠯ᠎ᠡ ᠭᠠᠴᠠᠭᠠᠨ ᠤ ᠨᠠᠮ ᠤᠨ ᠡᠬᠦᠷ ᠤᠨ ᠱᠦᠵᠢ᠂ ᠲᠠᠩᠰᠠ ᠮᠡᠳᠡᠭᠦᠯᠦᠭᠴᠢ ᠬᠤᠷᠠᠯ ᠳᠤ ᠣᠷᠣᠯᠴᠠᠵᠠᠶ᠃ ᠬᠤᠷᠠᠯ | ᠳᠡᠭᠡᠷ᠎ᠡ᠂ ᠣᠳᠣᠬᠠᠨ ᠤ ᠤᠰᠤᠨ ᠤ ᠰᠦᠢᠳᠬᠡᠯ ᠬᠤᠷᠢᠶᠠᠬᠤ ᠠᠵᠢᠯ ᠤᠨ ᠠᠬᠢᠴᠠ ᠂ ᠣᠷᠣᠰᠢᠵᠤ ᠪᠠᠶᠢᠭ᠎ᠠ | ᠠᠰᠠᠭᠤᠳᠠᠯ ᠪᠣᠯᠤᠨ ᠲᠠᠷᠠᠭᠠᠴᠢ ᠶᠢᠨ ᠠᠯᠬᠤᠮ ᠤᠨ ᠲᠥᠯᠥᠪᠯᠡᠭᠡ ᠶᠢ ᠮᠡᠳᠡᠭᠳᠡᠪᠡ᠃ ᠬᠤᠷᠠᠯ ᠠᠴᠠ᠂ ᠤᠰᠤᠨ ᠤ | ᠰᠦᠢᠳᠬᠡᠯ ᠬᠤᠷᠢᠶᠠᠬᠤ ᠠᠵᠢᠯ ᠤᠨ ᠠᠬᠢᠴᠠ ᠶᠢ ᠲᠦᠷᠭᠡᠳᠬᠡᠵᠦ᠂ ᠰᠦᠢᠳᠬᠡᠯ ᠬᠤᠷᠢᠶᠠᠬᠤ ᠠᠵᠢᠯ ᠢ ᠴᠠᠭ | ᠲᠤᠬᠠᠢ ᠳᠤᠨᠢ ᠪᠡᠶᠡᠯᠡᠬᠦᠯᠦᠨ᠂ ᠰᠦᠢᠳᠬᠡᠯ ᠬᠤᠷᠢᠶᠠᠭᠰᠠᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ | ᠪᠦᠷᠢᠳᠭᠡᠨ ᠮᠡᠳᠡᠭᠳᠡᠬᠦ ᠬᠡᠷᠡᠭᠲᠡᠢ᠃ ᠢᠯᠡ ᠲᠣᠳᠣ᠂ ᠲᠥᠪ ᠭᠤᠤᠯᠴᠢ ᠪᠠᠶᠢᠬᠤ ᠵᠠᠷᠴᠢᠮ ᠢ ᠵᠢᠷᠤᠮᠯᠠᠨ᠂ ᠤᠰᠤ | ᠬᠡᠷᠡᠭᠯᠡᠬᠦ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠤᠰᠤᠨ ᠤ ᠰᠦᠢᠳᠬᠡᠯ ᠤᠨ ᠪᠠᠷᠢᠮᠵᠢᠶ᠎ᠠ᠂ ᠬᠤᠷᠢᠶᠠᠬᠤ | ᠠᠷᠭ᠎ᠠ ᠮᠠᠶ᠋ᠢᠭ ᠵᠢᠴᠢ ᠬᠡᠷᠡᠭᠯᠡᠬᠦ ᠬᠦᠷᠢᠶ᠎ᠡ ᠬᠡᠪᠴᠢᠶ᠎ᠡ ᠶᠢ ᠵᠦᠶ ᠵᠣᠬᠢᠰᠲᠠᠶ ᠲᠤᠭᠳᠠᠭᠠᠨ᠂ ᠬᠠᠮᠢᠶ᠎ᠠ ᠪᠥᠬᠦᠶ ᠲᠠᠩᠰᠠ | ᠡᠪᠭᠡᠮᠡᠯ ᠢ ᠰᠠᠶᠢᠨ ᠪᠠᠶᠢᠭᠤᠯᠬᠤ ᠬᠡᠷᠡᠭᠲᠡᠶ᠃ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠤᠨ᠂ ᠣᠯᠠᠨ ᠲᠦᠮᠡᠨ ᠢ | ᠵᠢᠯᠣᠭᠤᠳᠴᠤ ᠪᠠᠶᠢᠭᠠᠳ ᠤᠰᠤ ᠠᠷᠪᠢᠯᠠᠬᠤ ᠦᠵᠡᠯ ᠤᠬᠠᠮᠰᠠᠷ ᠢ ᠪᠣᠶ ᠪᠣᠯᠭᠠᠵᠤ᠂ ᠤᠰᠤ ᠠᠷᠪᠢᠯᠠᠬᠤ ᠲᠥᠷᠥ ᠶᠢᠨ | ᠪᠣᠳᠣᠯᠭ᠎ᠠ ᠪᠠ ᠤᠰᠤ ᠠᠷᠪᠢᠯᠠᠬᠤ ᠠᠷᠭ᠎ᠠ ᠬᠡᠮᠵᠢᠶ᠎ᠡ ᠶᠢ ᠢᠳᠡᠪᠬᠢᠳᠡᠢ ᠤᠬᠠᠭᠤᠯᠤᠨ᠂ ᠮᠠᠯᠵᠢᠬᠤ ᠣᠷᠣᠨ ᠤ ᠤᠰᠤᠨ ᠤ | ᠰᠦᠢᠳᠬᠡᠯ ᠬᠤᠷᠢᠶᠠᠬᠤ ᠠᠵᠢᠯ ᠤᠨ ᠪᠣᠳᠠᠲᠠᠶ ᠳᠤ ᠨᠠᠶᠢᠳᠠᠪᠤᠷᠢᠵᠢᠬᠤ ᠶᠢ ᠠᠬᠢᠭᠤᠯᠬᠤ ᠬᠡᠷᠡᠭᠲᠡᠶ ᠬᠡᠵᠦ | ᠴᠢᠬᠤᠯᠠᠴᠢᠯᠠᠭᠰᠠᠨ ᠪᠠᠶᠢᠨ᠎ᠠ᠃ |