ᠶᠦᠩ ᠹᠧᠩ ᠪᠠᠯᠭᠠᠰᠤ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠢ ᠠᠬᠢᠭᠤᠯᠵᠤ ᠪᠤᠢ
ᠨᠡᠶᠢᠲᠡᠯᠡᠭᠰᠡᠨ ᠴᠠᠭ᠄
2025/5/26
   ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠢ ᠴᠢᠨᠠᠭᠰᠢᠳᠠ ᠠᠬᠢᠭᠤᠯᠬᠤ ᠶᠢᠨ ᠲᠥᠯᠥᠭᠡ᠂ ᠶᠦᠩ ᠹᠧᠩ ᠪᠠᠯᠭᠠᠰᠤ ᠨᠢ ᠨᠠᠮ ᠤᠨ ᠬᠤᠷᠢᠶᠠᠨ ᠤ ᠳᠡᠳ᠋ ᠱᠦᠵᠢ ᠪᠠᠷ ᠲᠦᠷᠦᠭᠦᠯᠡᠭᠦᠯᠦᠭᠰᠡᠨ ᠱᠠᠭᠠᠷᠳᠠᠨ ᠪᠠᠶᠢᠴᠠᠭᠠᠬᠤ ᠳᠤᠭᠤᠶᠢᠯᠠᠩ ᠢ ᠪᠠᠶᠢᠭᠤᠯᠵᠤ᠂ ᠡᠯ᠎ᠡ ᠨᠠᠮ ᠤᠨ ᠡᠭᠦᠷ ᠲᠤ ᠭᠦᠨᠵᠡᠭᠡᠶᠢᠷᠡᠨ ᠲᠤᠰᠬᠠᠢ ᠪᠠᠶᠢᠴᠠᠭᠠᠯᠲᠠ ᠥᠷᠨᠢᠭᠦᠯᠵᠦ ᠪᠠᠶᠢᠨ᠎ᠠ᠃ ᠱᠠᠭᠠᠷᠳᠠᠨ ᠪᠠᠶᠢᠴᠠᠭᠠᠬᠤ ᠲᠤᠭᠤᠶᠢᠯᠠᠩ  ᠨᠢ ᠲᠠᠶᠢᠴᠢᠯᠠᠨ ᠪᠠᠶᠢᠷᠢᠯᠠᠭᠤᠯᠬᠤ᠂ ᠰᠤᠷᠤᠯᠴᠠᠯᠭ᠎ᠠ ᠬᠢᠬᠦ᠂ ᠰᠤᠳᠤᠯᠤᠨ ᠶᠠᠷᠢᠯᠴᠠᠠᠬᠤ᠂ ᠰᠡᠷᠡᠮᠵᠢᠯᠡᠭᠦᠯᠬᠦ ᠬᠥᠮᠦᠵᠢᠯ ᠦᠷᠨᠢᠬᠦᠯᠬᠦ ᠵᠡᠷᠭᠡ ᠤᠢᠢᠷ᠎ᠠ ᠶᠢᠨ ᠬᠤᠭᠤᠴᠠᠭᠠᠨ ᠤ ᠡᠯ᠎ᠡ ᠲᠦᠷᠦᠯ ᠤᠨ ᠠᠵᠢᠯ ᠳᠤ ᠴᠢᠭᠯᠡᠭᠦᠯᠦᠨ᠂ ᠡᠯ᠎ᠡ ᠲᠣᠰᠬᠤᠨ ᠤ ᠨᠠᠮ ᠤᠨ ᠡᠭᠦᠷ ᠤᠨ ᠱᠦᠵᠢ᠂ ᠨᠠᠮ ᠤᠨ ᠡᠭᠦᠷ ᠤᠨ ᠭᠡᠰᠢᠭᠦᠨ ᠲᠠᠢ ᠶᠠᠷᠢᠯᠴᠠᠨ ᠰᠣᠯᠢᠯᠴᠠᠬᠤ ᠪᠠ ︽ᠭᠤᠷᠪᠠᠨ ᠬᠤᠷᠠᠯ ᠨᠢᠭᠡ ᠬᠢᠴᠢᠶᠡᠯ︾ ᠤᠨ ᠲᠡᠮᠳᠡᠭᠯᠡᠯ᠂ ᠠᠵᠢᠯ ᠤᠨ ᠳᠠᠩᠰᠠ ᠡᠪᠬᠡᠮᠡᠯ ᠢ ᠪᠠᠶᠢᠴᠠᠭᠠᠨ ᠦᠵᠡᠬᠦ ᠵᠡᠷᠭᠡ ᠠᠷᠭ᠎ᠠ ᠬᠡᠯᠪᠡᠷᠢ ᠪᠠᠷ ᠡᠯ᠎ᠡ ᠨᠠᠮ ᠤᠨ ᠡᠭᠦᠷ ᠤᠨ ᠰᠤᠷᠤᠯᠴᠠᠯᠭ᠎ᠠ ᠬᠦᠮᠦᠵᠢᠯ ᠤᠨ ᠪᠠᠶᠢᠳᠠᠯ ᠢ  ᠪᠠᠶᠢᠴᠠᠭᠠᠨ ᠤᠶᠢᠯᠠᠭᠠᠭᠰᠠᠨ ᠤ ᠬᠠᠮᠲᠤ᠂  ᠠᠵᠢᠯ ᠢ ᠨᠠᠶᠢᠳᠠᠪᠤᠷᠢᠵᠢᠭᠤᠯᠤᠭᠰᠠᠨ ᠨᠢ ᠪᠣᠳᠠᠲᠠᠢ ᠪᠤᠰᠤ ᠨᠠᠷᠢᠯᠢᠭ ᠪᠤᠰᠤ ᠪᠠᠶᠢᠭ᠎ᠠ ᠵᠠᠷᠢᠮ ᠨᠠᠮ ᠤᠨ ᠡᠭᠦᠷ ᠲᠤ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠲᠠᠯᠪᠢᠵᠠᠢ᠃ ᠡᠨᠡ ᠤᠳᠠᠭᠠᠨ ᠤ ᠲᠤᠰᠬᠠᠶ ᠪᠠᠶᠢᠴᠠᠭᠠᠯᠳᠠ ᠪᠠᠷ ᠲᠠᠮᠵᠢᠭᠠᠳ᠂ ᠡᠯ᠎ᠡ ᠨᠠᠮ ᠤᠨ ᠡᠭᠦᠷ ᠤᠨ ᠦᠵᠡᠯ ᠰᠠᠨᠠᠭ᠎ᠠ ᠲᠠᠨᠢᠯᠲᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠪᠠ᠃ ᠳᠠᠷᠠᠭᠠᠴᠢ ᠶᠢᠨ ᠠᠯᠬᠤᠮ ᠳᠤ᠂ ᠶᠦᠩ ᠹᠧᠩ ᠪᠠᠯᠭᠠᠰᠤ ᠨᠢ ᠳᠡᠭᠡᠳᠦ ᠱᠠᠲᠤᠨ ᠤ ᠪᠠᠶᠢᠷᠢᠯᠠᠭᠤᠯᠤᠯᠲᠠ ᠶᠢ ᠴᠢᠩᠭ᠎ᠠ ᠵᠢᠷᠤᠮᠯᠠᠨ᠂  ᠰᠤᠷᠤᠯᠴᠠᠯᠭ᠎ᠠ ᠪᠠᠶᠢᠴᠠᠭᠠᠯᠳᠠ ᠴᠡᠭᠴᠡᠯᠡᠯᠳᠡ ᠵᠡᠷᠭᠡ ᠡᠯ᠎ᠡ ᠲᠦᠷᠦᠯ ᠤᠨ ᠠᠵᠢᠯ ᠢ ᠪᠦᠬᠦ ᠲᠠᠯ᠎ᠠ ᠪᠠᠷ ᠰᠠᠶᠢᠨ ᠬᠢᠵᠦ᠂  ᠰᠤᠷᠤᠯᠴᠠᠯᠭ᠎ᠠ ᠬᠥᠮᠦᠵᠢᠯ ᠤᠨ ᠡᠭᠦᠷᠭᠡ ᠶᠢ ᠯᠠᠪᠳᠠᠭᠤᠨ ᠪᠠᠲᠤᠲᠠᠢ ᠨᠠᠶᠢᠳᠠᠪᠤᠷᠢᠵᠢᠭᠤᠯᠬᠤ ᠪᠠᠷ ᠪᠠᠶᠢᠨ᠎ᠠ᠃  
 
ᠢᠷᠡᠯᠲᠡ᠄ ᠶᠦᠩ ᠹᠧᠩ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号