ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠬᠤ ᠶᠢᠨ | ᠲᠥᠯᠥᠭᠡ᠂ ᠣᠶᠢᠷ᠎ᠠ ᠳᠤ ᠰᠢᠩ ᠹᠦ᠋ ᠰᠢᠶᠠᠩ ᠨᠢ ᠡᠯ᠎ᠡ ᠲᠣᠰᠬᠤᠨ ᠤ ᠨᠠᠮ ᠤᠨ ᠭᠡᠰᠢᠭᠦᠨ ᠺᠠᠳ᠋ᠷ ᠣᠯᠠᠨ ᠲᠦᠮᠡᠨ ᠢ | ᠵᠣᠬᠢᠶᠠᠨ ᠪᠠᠶᠢᠭᠤᠯᠵᠤ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠲᠥᠪᠯᠡᠷᠡᠨ ᠰᠤᠷᠤᠯᠴᠠᠬᠤ ᠠᠵᠢᠯᠯᠠᠭ᠎ᠠ | ᠥᠷᠨᠢᠭᠦᠯᠪᠡ᠃ ᠠᠵᠢᠯᠯᠠᠭᠠᠨ ᠤ ᠳᠤᠮᠳᠠ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ | ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ | ᠤᠯᠠᠮᠵᠢᠯᠠᠨ ᠰᠤᠷᠤᠯᠴᠠᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ | ᠬᠠᠯᠬᠠᠪᠴᠢ᠂ ᠡᠬᠡ ᠤᠯᠤᠰ ᠤᠨ ᠤᠮᠠᠷᠠᠲᠤ ᠶᠢᠨ ᠠᠮᠤᠷ ᠲᠣᠭᠲᠠᠭᠤᠨ ᠤ ᠬᠠᠯᠬᠠᠪᠴᠢ ᠶᠢ ᠴᠤᠭᠴᠠᠯᠠᠨ ᠪᠠᠶᠢᠭᠤᠯᠬᠤ | ᠶᠠᠪᠤᠴᠠ ᠳᠠᠬᠢ ᠴᠢᠬᠤᠯᠠ ᠬᠠᠷᠢᠭᠤᠴᠠᠯᠭ᠎ᠠ ᠵᠢᠴᠢ ᠡᠨᠧᠷᠭᠢ ᠶᠢᠨ ᠰᠠᠭᠤᠷᠢᠨ ᠭᠠᠵᠠᠷ ᠢ ᠪᠠᠶᠢᠭᠤᠯᠬᠤ᠂ ᠤᠮᠠᠷᠠᠰᠢ | ᠨᠡᠭᠡᠭᠡᠯᠲᠡ ᠬᠢᠬᠦ ᠵᠡᠷᠭᠡ ᠲᠠᠯ᠎ᠠ ᠶᠢᠨ ᠡᠭᠦᠷᠭᠡ ᠬᠠᠷᠢᠭᠤᠴᠠᠯᠭ᠎ᠠ ᠶᠢ ᠭᠦᠨᠵᠡᠭᠡᠶ ᠤᠶᠢᠯᠠᠭᠠᠭᠤᠯᠤᠨ᠂ ᠡᠯ᠎ᠡ ᠦᠨᠳᠦᠰᠦᠲᠡᠨ | ᠤ ᠠᠷᠠᠳ ᠲᠦᠮᠡᠨ ᠤ ᠡᠬᠡ ᠤᠯᠤᠰ ᠤᠨ ᠢᠶᠠᠨ ᠥᠷᠭᠡᠨ ᠠᠭᠤᠳᠠᠮ ᠬᠢᠯᠢ ᠬᠢᠵᠠᠭᠠᠷ ᠢ ᠬᠠᠮᠲᠤ ᠪᠠᠷ ᠨᠡᠭᠡᠭᠡᠵᠦ᠂ | ᠣᠯᠠᠨ ᠦᠨᠳᠦᠰᠦᠲᠡᠨ ᠢᠶᠠᠷ ᠪᠦᠷᠢᠯᠳᠦᠭᠰᠡᠨ ᠨᠡᠶᠢᠬᠡᠮ ᠵᠢᠷᠤᠮᠳᠤ ᠤᠯᠤᠰ ᠢ ᠬᠠᠮᠲᠤ ᠪᠠᠷ ᠴᠣᠭᠴᠠᠯᠠᠨ᠂ ᠭᠡᠷᠡᠯ | ᠰᠠᠴᠤᠷᠠᠩᠭᠤᠶ ᠳᠤᠮᠳᠠᠳᠤ ᠶᠢᠨ ᠲᠡᠤᠬᠡ ᠶᠢ ᠬᠠᠮᠲᠤ ᠪᠠᠷ ᠪᠢᠴᠢᠭᠯᠡᠵᠦ᠂ ᠠᠭᠤᠤ ᠶᠡᠭᠡ ᠦᠨᠳᠦᠰᠦᠲᠡᠨ ᠤ ᠵᠣᠷᠢᠭ | ᠰᠠᠨᠠᠭ᠎ᠠ ᠶᠢ ᠬᠠᠮᠲᠤ ᠪᠠᠷ ᠡᠬᠦᠳᠦᠭᠰᠡᠨ ᠦᠯᠢᠭᠡᠷ ᠲᠡᠦᠭᠡ ᠶᠢ ᠶᠠᠷᠢᠵᠤ᠂ ᠡᠯ᠎ᠡ ᠦᠨᠳᠦᠰᠦᠲᠡᠨ ᠤ ᠠᠷᠠᠳ ᠲᠦᠮᠡᠨ ᠤ | ᠵᠢᠷᠭᠠᠯ ᠵᠣᠪᠠᠯᠠᠩ ᠢᠶᠠᠨ ᠬᠠᠮᠲᠤᠳᠬᠠᠬᠤ᠂ ᠠᠯᠳᠠᠷ ᠭᠤᠳᠤᠮᠰᠢᠭ ᠢᠶᠠᠨ ᠬᠠᠮᠳᠤᠳᠬᠠᠬᠤ᠂ ᠦᠬᠦᠯ ᠰᠡᠬᠡᠯ ᠢᠶᠠᠨ | ᠬᠠᠮᠲᠤᠳᠬᠠᠬᠤ᠂ ᠬᠤᠪᠢ ᠵᠠᠶᠠᠭ᠎ᠠ ᠪᠠᠨ ᠬᠠᠮᠲᠤᠳᠬᠠᠬᠤ ᠬᠠᠮᠲᠤ ᠶᠢᠨ ᠴᠣᠭᠴᠠ ᠶᠢᠨ ᠣᠶᠢᠯᠠᠭᠠᠭᠳᠠᠬᠤᠨ ᠢ ᠪᠠᠲᠤ | ᠪᠠᠬᠢ ᠪᠣᠶ ᠪᠤᠯᠭᠠᠵᠠᠢ᠃ ᠬᠤᠷᠠᠯ ᠤᠨ ᠳᠠᠷᠠᠭ᠎ᠠ᠂ ᠡᠯ᠎ᠡ ᠲᠣᠰᠬᠤᠨ ᠤ ᠨᠠᠮ ᠤᠨ ᠭᠡᠰᠢᠭᠦᠨ ᠺᠠᠳ᠋ᠷ ᠣᠯᠠᠨ ᠲᠦᠮᠡᠨ ︽ | 2025 ᠣᠨ ᠤ ᠰᠢᠯᠢ ᠶᠢᠨ ᠭᠤᠤᠯ ᠠᠶᠢᠮᠠᠭ ᠤᠨ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠵᠢᠱᠢᠶ᠎ᠡ ᠦᠵᠡᠭᠦᠯᠬᠦ ᠠᠶᠢᠮᠠᠭ ᠢ ᠡᠭᠦᠳᠦᠨ ᠪᠠᠶᠢᠭᠤᠯᠬᠤ ᠪᠠᠶᠢᠴᠠᠭᠠᠯᠲᠠ ᠶᠢᠨ ᠬᠠᠭᠤᠳᠠᠰᠤ︾ ᠶᠢ | ᠲᠠᠭᠯᠠᠭᠰᠠᠨ ᠪᠠᠶᠢᠨ᠎ᠠ᠃ |