ᠳᠡᠭᠡᠳᠦ ᠱᠠᠲᠤᠨ ᠤ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠤᠨ ᠱᠠᠭᠠᠷᠳᠠᠯᠭ᠎ᠠ ᠶᠢ | ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠣᠰ ᠪᠠᠯᠭᠠᠰᠤᠨ ᠤ ᠪᠠᠨ ᠦᠶᠡᠷ ᠢ ᠰᠡᠷᠭᠡᠶᠢᠯᠡᠵᠦ ᠭᠠᠩ | ᠬᠠᠭᠰᠠᠷᠠᠭᠠᠨ ᠲᠠᠢ ᠲᠡᠮᠡᠴᠡᠬᠦ ᠠᠵᠢᠯ ᠢ ᠪᠥᠬᠦ ᠲᠠᠯ᠎ᠠ ᠪᠠᠷ ᠪᠠᠶᠢᠷᠢᠯᠠᠭᠤᠯᠤᠨ᠂ ᠠᠷᠠᠳ ᠣᠯᠠᠨ ᠤ ᠠᠮᠢ ᠨᠠᠰᠤ ᠡᠳ᠋ | ᠬᠥᠷᠥᠩᠭᠡ ᠶᠢᠨ ᠠᠮᠤᠷ ᠲᠦᠪᠰᠢᠨ ᠢ ᠪᠠᠳᠤᠯᠠᠬᠤ ᠶᠢᠨ ᠲᠦᠯᠦᠭᠡ᠂ 5 ᠰᠠᠷ᠎ᠠ ᠶᠢᠨ 23 ᠤ ᠡᠳᠦᠷ ᠬᠤᠩ ᠴᠢ | ᠪᠠᠯᠭᠠᠰᠤ ᠨᠢ 2025 ᠣᠨ ᠤ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠠᠵᠢᠯ ᠤᠨ ᠪᠠᠶᠢᠷᠢᠯᠠᠭᠤᠯᠤᠯᠲᠠ ᠶᠢᠨ | ᠬᠤᠷᠠᠯ ᠬᠤᠷᠠᠯᠳᠤᠭᠤᠯᠵᠤ᠂ ᠡᠯ᠎ᠡ ᠲᠣᠰᠬᠤᠨ ᠤ ︽ᠬᠤᠶᠠᠷ ᠵᠥᠪᠯᠡᠯ︾ ᠤᠨ ᠭᠡᠰᠢᠬᠦᠳ ᠬᠤᠷᠠᠯ ᠳᠤ ᠤᠷᠤᠯᠴᠠᠵᠠᠢ᠃ | ᠬᠤᠷᠠᠯ ᠳᠡᠭᠡᠷ᠎ᠡ᠂ ᠳᠡᠳ᠋ ᠪᠠᠯᠭᠠᠰᠤᠨ ᠳᠠᠷᠤᠭ᠎ᠠ ᠵᠢᠶᠠ ᠶᠠᠨ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠵᠢᠯᠣᠭᠤᠳᠬᠤ ᠭᠠᠵᠠᠷ ᠤᠨ 2025 ᠣᠨ ᠤ | ᠠᠵᠢᠯ ᠤᠨ ᠭᠤᠤᠯᠳᠠᠯᠭ᠎ᠠ︾ ︽ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯᠵᠢᠬᠤ ᠲᠠᠷᠢᠶᠠᠯᠠᠬᠤ | ᠣᠷᠣᠨ ᠤ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠤᠨ ᠲᠦᠰᠦᠪ ︾ ᠢ ᠤᠯᠠᠮᠵᠢᠯᠠᠨ ᠰᠤᠷᠤᠯᠴᠠᠭᠰᠠᠨ ᠪᠥᠭᠡᠳ | ᠪᠥᠬᠦ ᠪᠠᠯᠭᠠᠰᠤᠨ ᠤ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠳᠤ ᠪᠠᠶᠢᠷᠢᠯᠠᠭᠤᠯᠤᠯᠳᠠ | ᠬᠢᠵᠡᠢ᠃ ᠬᠤᠷᠠᠯ ᠠᠴᠠ ᠴᠢᠬᠤᠯᠠᠴᠢᠯᠠᠬᠤ ᠳᠠᠭᠠᠨ᠂ ᠨᠢᠬᠡ ᠳᠤ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ | ᠴᠠᠭ ᠢᠮᠠᠭᠲᠠ ᠰᠣᠨᠣᠷ ᠰᠡᠷᠡᠮᠵᠢ ᠲᠠᠢ ᠪᠠᠶᠢᠵᠠᠭᠠᠨ᠂ ᠠᠯᠮᠠᠶᠢᠷᠠᠵᠤ ᠮᠢᠨᠴᠦᠭᠦᠷᠡᠬᠦ ᠦᠵᠡᠯ ᠰᠠᠨᠠᠭ᠎ᠠ ᠪᠣᠯᠤᠨ ᠠᠵᠠ | ᠬᠠᠷᠠᠬᠤ ᠪᠤᠳᠤᠯ ᠰᠡᠳᠬᠢᠴᠡ ᠶᠢ ᠲᠡᠪᠴᠢᠵᠦ᠂ ᠦᠶᠡᠷ ᠢ ᠰᠡᠷᠭᠡᠶᠢᠯᠡᠵᠦ ᠭᠠᠩ ᠬᠠᠭᠰᠠᠷᠭᠠᠨ ᠲᠠᠢ ᠲᠡᠮᠡᠴᠡᠬᠦ ᠠᠵᠢᠯ ᠤᠨ | ᠰᠠᠨᠠᠭᠠᠴᠢᠯᠠᠭᠳᠤ ᠡᠷᠬᠡ ᠶᠢ ᠪᠠᠲᠤ ᠡᠵᠡᠮᠰᠢᠬᠦ ᠭᠡᠷᠡᠭᠳᠡᠢ᠃ ᠬᠤᠶᠠᠷ ᠲᠤ ᠡᠬᠦᠷᠭᠡ ᠬᠠᠷᠢᠭᠤᠴᠠᠯᠭ᠎ᠠ ᠪᠠᠨ | ᠲᠤᠳᠤᠷᠬᠠᠶᠢᠯᠠᠵᠤ᠂ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠤᠨ ᠤᠯᠤᠰ ᠲᠥᠷᠥ ᠶᠢᠨ | ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ 24 ᠴᠠᠭ ᠤᠨ ᠵᠢᠵᠢᠬᠦᠷ ᠤᠨ ᠲᠦᠷᠢᠮ ᠢ ᠭᠡᠷᠡᠭᠵᠢᠬᠦᠯᠵᠦ᠂ | ᠲᠣᠰᠬᠤᠨ ᠤ ᠨᠠᠮ ᠤᠨ ᠡᠬᠦᠷ ᠤᠨ ᠱᠦᠵᠢ ᠨᠠᠷ ᠪᠡᠶ᠎ᠡ ᠪᠠᠷ ᠢᠶᠠᠨ ᠲᠦᠷᠦᠬᠦᠯᠡᠨ ᠭᠤᠣᠯᠳᠠᠯᠭ᠎ᠠ ᠲᠠᠢ ᠭᠠᠵᠠᠷ ᠣᠷᠣᠨ ᠢ | ᠲᠤᠭᠤᠷᠢᠨ ᠪᠠᠶᠢᠴᠠᠭᠠᠵᠤ᠂ ᠡᠯ᠎ᠡ ᠲᠦᠷᠦᠯ ᠤᠨ ᠡᠭᠦᠷᠭᠡ ᠶᠢ ᠲᠤᠰᠬᠠᠢ ᠬᠥᠮᠦᠨ ᠳᠤ ᠲᠠᠭᠠᠭᠠᠯᠭᠠᠨ᠂ ᠰᠡᠷᠭᠡᠶᠢᠯᠡᠨ | ᠡᠵᠡᠮᠳᠡᠬᠦ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ᠃ ᠭᠤᠷᠪᠠ ᠳᠤ ᠪᠠᠶᠢᠴᠠᠭᠠᠯᠳᠠ ᠴᠡᠭᠴᠡᠯᠡᠯᠳᠡ ᠶᠢ | ᠴᠢᠩᠭᠠᠳᠬᠠᠨ᠂ ᠭᠤᠤᠯᠳᠠᠯᠭ᠎ᠠ ᠲᠠᠢ ᠭᠠᠵᠠᠷ ᠲᠤ ᠴᠢᠭᠯᠡᠭᠦᠯᠦᠨ ᠪᠥᠬᠦ ᠲᠠᠯ᠎ᠠ ᠶᠢᠨ ᠨᠠᠷᠢᠨ ᠨᠢᠮᠪᠠᠶ ᠪᠠᠶᠢᠴᠠᠭᠠᠯᠳᠠ ᠬᠢᠵᠦ | ᠡᠯ᠎ᠡ ᠲᠥᠷᠥᠯ ᠤᠨ ᠬᠡᠮ ᠰᠤᠭᠤᠭ ᠢ ᠴᠠᠭ ᠲᠤᠬᠠᠶ ᠳᠤᠨᠢ ᠢᠯᠡᠷᠡᠭᠦᠯᠬᠦ ᠶᠢᠨ ᠬᠠᠮᠲᠤ ᠠᠷᠢᠯᠭᠠᠨ᠂ ᠴᠡᠭᠴᠡᠯᠡᠨ | ᠰᠠᠶᠢᠵᠢᠷᠠᠭᠤᠯᠬᠤ ᠠᠷᠭ᠎ᠠ ᠬᠡᠮᠵᠢᠶ᠎ᠡ ᠪᠠ ᠬᠠᠷᠢᠭᠤᠴᠠᠯᠭᠠᠲᠠᠨ ᠢ ᠲᠣᠳᠣᠷᠬᠠᠶᠢᠯᠠᠵᠤ᠂ ᠴᠡᠭᠴᠡᠯᠡᠨ ᠰᠠᠶᠢᠵᠢᠷᠠᠭᠤᠯᠬᠤ | ᠠᠵᠢᠯ ᠢ ᠪᠤᠳᠠᠳᠠᠢ ᠳᠤ ᠨᠠᠶᠢᠳᠠᠪᠤᠷᠢᠵᠢᠭᠤᠯᠬᠤ ᠬᠡᠷᠡᠭᠲᠡᠶ᠃ ᠲᠦᠷᠪᠡ ᠳᠤ ᠠᠶᠤᠯ ᠠᠴᠠ ᠠᠪᠤᠷᠠᠬᠤ ᠪᠠᠳᠤᠯᠠᠭᠠᠨ ᠤ | ᠴᠢᠳᠠᠪᠤᠷᠢ ᠶᠢ ᠳᠡᠭᠡᠭᠰᠢᠯᠡᠭᠦᠯᠵᠦ᠂ ︽ᠬᠡᠷᠡᠭᠯᠡᠬᠦ ᠦᠭᠡᠢ ᠭᠡᠰᠡᠨ ᠪᠡᠯᠡᠳᠭᠡᠬᠦ ᠦᠬᠡᠢ ᠪᠠᠶᠢᠵᠤ ᠦᠯᠦ ᠪᠤᠯᠬᠤ ᠂ | ᠭᠡᠷᠡᠭᠯᠡᠬᠦ ᠦᠶ᠎ᠡ ᠳᠤ ᠪᠡᠯᠡᠳᠬᠡᠯ ᠦᠬᠡᠢ ᠪᠠᠶᠢᠵᠤ ᠦᠯᠦ ᠪᠤᠯᠬᠤ︾ ᠵᠠᠷᠴᠢᠮ ᠶᠣᠰᠣᠭᠠᠷ᠂ ᠪᠣᠳᠠᠲᠠᠢ ᠬᠡᠷᠡᠭᠴᠡᠭᠡ ᠪᠠᠨ | ᠦᠨᠳᠦᠰᠦᠯᠡᠨ᠂ ᠠᠶᠤᠯ ᠠᠴᠠ ᠠᠪᠤᠷᠠᠬᠤ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠪᠣᠯᠪᠠᠰᠤᠷᠠᠯ | ᠰᠣᠷᠢᠯᠲᠠ ᠶᠢ ᠲᠣᠭᠲᠠᠮᠠᠯ ᠬᠤᠭᠤᠴᠠᠭ᠎ᠠ ᠲᠠᠢ ᠵᠣᠬᠢᠶᠠᠨ ᠪᠠᠶᠢᠭᠤᠯᠵᠤ᠂ ᠠᠪᠤᠷᠠᠨ ᠲᠤᠰᠠᠯᠠᠬᠤ ᠡᠳ᠋ ᠪᠣᠳᠠᠰ ᠤᠨ | ᠨᠦᠭᠡᠴᠡᠯᠡᠯᠳᠡ ᠪᠠ ᠬᠠᠮᠢᠶᠠᠷᠤᠯᠳᠠ ᠶᠢᠨ ᠠᠵᠢᠯ ᠢ ᠰᠠᠶᠢᠨ ᠠᠳᠬᠤᠬᠤ ᠬᠡᠷᠡᠭᠲᠡᠢ᠃ ᠲᠠᠪᠤ ᠳᠤ ᠰᠡᠷᠡᠮᠵᠢᠯᠡᠬᠦᠯᠦᠯ ᠪᠠ | ᠤᠬᠠᠭᠤᠯᠭ᠎ᠠ ᠶᠢ ᠴᠢᠩᠭᠠᠳᠬᠠᠵᠤ᠂ ᠲᠤᠰᠬᠤᠨ ᠤ ᠸᠢᠴᠠᠲ ᠬᠤᠯᠪᠤᠭ᠎ᠠ᠂ ᠷᠠᠳᠢᠤ᠋ ᠨᠡᠪᠳᠡᠷᠡᠬᠦᠯᠭᠡ ᠵᠡᠷᠭᠡ ᠶᠢ | ᠠᠰᠢᠭᠯᠠᠨ᠂ ᠳᠡᠭᠡᠳᠦ ᠱᠠᠲᠤᠨ ᠤ ᠪᠠᠴᠢᠮ ᠪᠠᠶᠢᠳᠠᠯ ᠢ ᠠᠷᠭᠠᠴᠠᠬᠤ ᠰᠠᠯᠠᠭ᠎ᠠ ᠮᠥᠴᠢᠷ ᠪᠤᠶᠤ ᠴᠠᠭ ᠠᠭᠤᠷ ᠤᠨ | ᠰᠠᠯᠠᠭ᠎ᠠ ᠮᠥᠴᠢᠷ ᠤᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠠᠷᠠᠳ ᠢᠷᠭᠡᠳ ᠲᠤ ᠴᠠᠭ ᠲᠤᠬᠠᠶ ᠳᠤᠨᠢ ᠵᠦᠪ | ᠣᠨᠣᠪᠴᠢᠲᠠᠶ ᠲᠠᠮᠵᠢᠭᠤᠯᠬᠤ ᠭᠡᠷᠡᠭᠳᠡᠢ᠃ ᠰᠦᠯᠵᠢᠶ᠎ᠡ ᠵᠠᠭᠤᠴᠢᠯᠠᠭᠤᠷ ᠢ ᠭᠦᠢᠴᠡᠳ ᠠᠰᠢᠭᠯᠠᠨ᠂ ᠭᠠᠮᠰᠢᠭ ᠠᠴᠠ | ᠰᠡᠷᠭᠡᠶᠢᠯᠡᠬᠦ ᠮᠡᠳᠡᠯᠭᠡ ᠶᠢ ᠤᠬᠠᠭᠤᠯᠤᠨ ᠲᠦᠬᠡᠮᠡᠯᠵᠢᠬᠦᠯᠵᠦ᠂ ᠠᠶᠤᠯ ᠲᠠᠢ ᠦᠶ᠎ᠡ ᠳᠤ ᠡᠷᠡᠰ ᠰᠢᠭᠤᠷᠬᠠᠶ ᠠᠷᠭ᠎ᠠ | ᠬᠡᠮᠵᠢᠶ᠎ᠡ ᠠᠪᠴᠤ ᠪᠠᠶᠢᠭᠠᠳ᠂ ᠠᠶᠤᠯ ᠠᠴᠠ ᠵᠠᠶᠢᠯᠠᠭᠤᠯᠬᠤ ᠠᠵᠢᠯ ᠢ ᠴᠠᠭ ᠲᠤᠬᠠᠶ ᠳᠤᠨᠢ ᠬᠢᠬᠦ ᠬᠡᠷᠡᠭᠲᠡᠶ ᠭᠡᠪᠡ᠃ |