5 ᠰᠠᠷ᠎ᠠ ᠶᠢᠨ 26 ᠤ ᠡᠳᠦᠷ ᠠᠴᠠ 27 ᠤ ᠡᠳᠦᠷ ᠪᠣᠯᠲᠠᠯ᠎ᠠ᠂ ᠠᠶᠢᠮᠠᠭ ᠤᠨ ᠨᠠᠮ ᠤᠨ ᠬᠤᠷᠢᠶᠠᠨ ᠤ ᠳᠡᠳ᠋ | ᠱᠦᠵᠢ᠂ ᠠᠶᠢᠮᠠᠭ ᠤᠨ ᠳᠠᠷᠤᠭ᠎ᠠ ᠭᠦᠸᠧ ᠢᠦᠶ ᠹᠧᠩ ᠲᠠᠶᠢᠹᠤᠰᠧ ᠬᠤᠰᠢᠭᠤᠨ ᠳᠤ ᠬᠦᠨᠵᠡᠬᠡᠶᠢᠷᠡᠵᠦ᠂ ᠦᠨᠳᠦᠰᠦᠨ | ᠱᠠᠲᠤᠨ ᠤ ᠨᠠᠮ ᠤᠨ ᠪᠠᠶᠢᠭᠤᠯᠤᠯᠳᠠ᠂ ᠬᠥᠳᠡᠭᠡ ᠲᠤᠰᠬᠤᠨ ᠢ ᠬᠥᠭᠵᠢᠭᠦᠯᠦᠨ ᠮᠠᠨᠳᠤᠭᠤᠯᠬᠤ᠂ ᠠᠵᠤ ᠦᠢᠯᠡᠰ ᠤᠨ | ᠬᠥᠭᠵᠢᠯᠲᠡ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠠᠵᠢᠯ ᠤᠨ ᠲᠠᠯ᠎ᠠ ᠪᠠᠷ ᠪᠠᠢᠴᠠᠭᠠᠨ | ᠰᠤᠳᠤᠯᠤᠯᠲᠠ ᠬᠢᠪᠡ᠃ ᠭᠦᠸᠧ ᠢᠦᠢ ᠹᠧᠩ ᠤᠷᠢᠳ ᠬᠤᠵᠢᠳ ᠪᠤᠤᠴᠠᠩ ᠪᠠᠯᠭᠠᠰᠤᠨ ᠤ ᠡᠤ ᠵᠢᠩ ᠲᠣᠰᠬᠤᠨ᠂ | ᠪᠢᠶᠠᠨ ᠴᠢᠶᠠᠩ ᠲᠣᠰᠬᠤᠨ ᠬᠢᠭᠡᠳ ᠴᠢᠶᠠᠨ ᠶᠢᠨ ᠭᠸᠤ ᠪᠠᠯᠭᠠᠰᠤᠨ ᠤ ᠵᠢᠶᠠᠨ ᠭᠦᠸᠧ ᠲᠣᠰᠬᠤᠨ ᠳᠤ ᠬᠦᠷᠴᠦ᠂ ᠨᠠᠮ | ᠤᠨ ᠭᠡᠰᠢᠬᠦᠨ ᠤᠯᠠᠨ ᠲᠦᠮᠡᠨ ᠳᠤ ᠦᠢᠯᠡᠴᠢᠯᠡᠬᠦ ᠲᠥᠪ ᠪᠣᠯᠤᠨ ᠲᠣᠰᠬᠤᠨ ᠤ ᠠᠷᠠᠳ ᠤᠨ ᠭᠡᠷ ᠲᠤ | ᠭᠦᠨᠵᠡᠭᠡᠶᠢᠷᠡᠵᠦ᠂ ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ᠂ ᠣᠷᠣᠰᠢᠨ ᠰᠠᠭᠤᠷᠢᠰᠢᠬᠤ ᠣᠷᠴᠢᠨ | ᠲᠣᠭᠤᠷᠢᠨ ᠤ ᠵᠠᠰᠠᠯᠳᠠ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠠᠶᠢᠭᠤᠯᠤᠯᠲᠠ ᠶᠢᠨ ᠪᠠᠶᠢᠳᠠᠯ ᠢ ᠨᠠᠷᠢᠨ | ᠤᠶᠢᠯᠠᠭᠠᠵᠠᠢ᠃ ᠬᠦᠸᠧ ᠢᠤᠢ ᠹᠧᠩ ᠴᠢᠬᠤᠯᠠᠴᠢᠯᠠᠬᠤ ᠳᠠᠭᠠᠨ᠂ ᠲᠥᠪ ᠤᠨ ᠨᠠᠢᠮᠠᠨ ᠲᠣᠭᠲᠠᠭᠠᠯ ᠤᠨ ᠵᠣᠷᠢᠭ | ᠰᠠᠨᠠᠭ᠎ᠠ ᠶᠢ ᠭᠦᠨᠵᠡᠭᠡᠢ ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠲᠠᠢ ᠤᠶᠠᠯᠳᠤᠭᠤᠯᠵᠤ ᠪᠠᠶᠢᠭᠠᠳ᠂ | ᠬᠡᠯᠪᠡᠷᠢᠴᠢ ᠦᠵᠡᠯ ᠢ ᠴᠡᠭᠴᠡᠯᠡᠨ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠵᠤ᠂ ᠤᠯᠠᠨ ᠲᠦᠮᠡᠨ ᠳᠤ | ᠪᠣᠳᠠᠲᠠᠢ ᠶᠠᠪᠤᠳᠠᠯ ᠬᠢᠵᠦ᠂ ᠬᠦᠴᠢᠷ ᠠᠰᠠᠭᠤᠳᠠᠯ ᠢ ᠰᠢᠢᠳᠪᠦᠷᠢᠯᠡᠨ᠂ ᠬᠠᠳᠠᠭᠤ ᠴᠢᠩᠭ᠎ᠠ ᠠᠷᠭ᠎ᠠ ᠠᠪᠴᠢᠯ ᠢᠶᠠᠷ | ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠦᠨᠡᠨ ᠬᠦ ᠴᠡᠭᠴᠡᠯᠡᠨ | ᠵᠠᠰᠠᠬᠤ ᠬᠡᠷᠡᠭᠲᠡᠢ᠃ ᠲᠠᠭᠠᠭᠤᠯᠤᠭᠴᠢ ᠠᠵᠤ ᠠᠬᠤᠶᠢᠯᠠᠯ ᠤᠨ ᠲᠠᠶᠢᠴᠢᠯᠠᠨ ᠲᠠᠭᠠᠭᠤᠯᠬᠤ ᠦᠢᠯᠡᠳᠦᠯ ᠢ ᠭᠦᠢᠴᠡᠳ | ᠪᠠᠳᠠᠷᠠᠭᠤᠯᠵᠤ᠂ ᠲᠦᠬᠦᠭᠡᠷᠦᠮᠵᠢᠳᠦ ᠲᠠᠷᠢᠶᠠᠯᠠᠩ ᠢ ᠶᠡᠬᠡᠪᠡᠷ ᠬᠦᠭᠵᠢᠬᠦᠯᠦᠨ᠂ ᠲᠠᠷᠢᠶᠠᠯᠠᠩ ᠮᠠᠯ ᠠᠵᠤ ᠠᠬᠤᠢ | ᠰᠣᠶᠣᠯ ᠵᠢᠭᠤᠯᠴᠢᠯᠠᠯ ᠢ ᠤᠶᠠᠯᠳᠤᠭᠤᠯᠤᠭᠰᠠᠨ ︽ᠨᠤᠭᠤᠭᠠᠨ ᠤ ᠰᠠᠭᠰᠤ︾ ᠶᠢᠨ ᠰᠠᠭᠤᠷᠢᠨ ᠭᠠᠵᠠᠷ ᠢ ᠪᠣᠶ ᠪᠣᠯᠭᠠᠵᠤ | ᠥᠷᠭᠡᠨ ᠣᠯᠠᠨ ᠮᠠᠯᠴᠢᠨ ᠲᠠᠷᠢᠶᠠᠴᠢᠨ ᠢ ᠳᠠᠶᠢᠴᠢᠯᠠᠨ ᠢᠨᠵᠧᠨᠧᠷᠢᠩ ᠤᠨ ᠪᠠᠶᠢᠭᠤᠯᠤᠯᠲᠠ ᠪᠠ ᠬᠠᠮᠢᠶᠠᠷᠤᠯᠲᠠ ᠳᠤ | ᠤᠷᠤᠯᠴᠠᠬᠤ᠂ ᠬᠤᠷᠰᠢᠭᠰᠠᠨ ᠡᠵᠡᠩᠨᠡᠯᠲᠡ ᠬᠢᠬᠦ᠂ ᠠᠵᠤ ᠦᠢᠯᠡᠰᠵᠢᠭᠰᠡᠨ ᠬᠠᠮᠲᠤᠷᠠᠯᠴᠠᠭ᠎ᠠ ᠦᠷᠨᠢᠬᠦᠯᠬᠦ ᠪᠠᠷ | ᠲᠠᠮᠵᠢᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠬᠤ ᠬᠡᠷᠡᠭᠲᠡᠶ ᠭᠡᠪᠡ᠃ ᠺᠧ ᠲᠠᠢ ᠯᠦᠩ ᠳ᠋ᠠ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠰᠢᠨᠵᠢᠯᠡᠭᠡ ᠮᠡᠷᠭᠡᠵᠢᠯ ᠤᠨ ᠺᠣᠮᠫᠠᠨᠢ᠂ ᠵᠢᠶᠦ᠋ᠨ ᠷᠦᠢ ᠵᠤᠬᠢᠶᠠᠮᠠᠯ ᠠᠯᠮᠠᠰ ᠤᠨ | ᠲᠦᠷᠦᠯ ᠵᠦᠢᠯ ᠤᠨ ᠠᠬᠤᠢ ᠲᠠᠯᠠᠪᠠᠢ ᠳᠤ ᠬᠦᠷᠴᠦ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠪᠤᠯᠤᠨ | ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠪᠠᠶᠢᠳᠠᠯ ᠢ ᠨᠠᠷᠢᠨ ᠤᠶᠢᠯᠠᠭᠠᠭᠰᠠᠨ ᠤ ᠲᠠᠷᠠᠭ᠎ᠠ ᠭᠦᠸᠧ ᠢᠦᠢ | ᠹᠧᠩ ︽ᠣᠷᠣᠨ ᠪᠠᠶᠢᠷᠢ ᠪᠣᠯᠤᠨ ᠠᠵᠤ ᠦᠢᠯᠡᠰ ᠤᠨ ᠰᠠᠭᠤᠷᠢ ᠳᠠᠭᠠᠨ ᠲᠦᠰᠢᠭᠯᠡᠨ᠂ ᠳᠠᠪᠠᠭᠤᠯᠢᠭ ᠤᠨᠴᠠᠯᠢᠬᠳᠤ | ᠠᠵᠤ ᠦᠢᠯᠡᠰ ᠤᠨ ᠪᠦᠯᠦᠭᠵᠢᠯ ᠢ ᠪᠤᠶᠢᠵᠢᠭᠤᠯᠤᠨ ᠪᠤᠵᠠᠭᠠᠶᠢᠷᠠᠭᠤᠯᠵᠤ᠂ ᠬᠤᠰᠢᠭᠤ ᠰᠢᠶᠠᠨ ᠤ ᠠᠵᠤ ᠠᠬᠤᠢ ᠶᠢᠨ | ᠴᠢᠨᠠᠷ ᠰᠠᠶᠢᠲᠠᠢ ᠬᠥᠭᠵᠢᠯᠲᠡ ᠳᠤ ᠰᠠᠭᠤᠷᠢ ᠶᠢ ᠪᠠᠲᠤᠳᠬᠠᠨ ᠬᠦᠴᠦᠨ ᠢ ᠬᠤᠷᠠᠮᠳᠤᠭᠤᠯᠬᠤ ᠬᠡᠷᠡᠭᠲᠡᠢ᠃ ᠠᠵᠤ | ᠠᠬᠤᠶᠢᠯᠠᠯ ᠢ ᠲᠤᠰᠠᠯᠠᠬᠤ ᠠᠵᠢᠯᠯᠠᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠢ ᠦᠨᠡᠨ | ᠪᠣᠳᠠᠲᠠᠢ ᠪᠠᠷ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠵᠦ᠂ ᠨᠡᠩ ᠰᠢᠯᠢᠳᠡᠭ ᠡᠵᠡᠩᠨᠡᠯᠲᠡ ᠶᠢᠨ ᠣᠷᠴᠢᠨ | ᠨᠦᠬᠦᠴᠡᠯ ᠢ ᠪᠤᠢ ᠪᠣᠯᠭᠠᠬᠤ ᠪᠠᠷ ᠴᠢᠷᠮᠠᠶᠢᠬᠤ ᠬᠡᠷᠡᠭᠲᠡᠢ ᠭᠡᠵᠦ ᠴᠢᠬᠤᠯᠠᠴᠢᠯᠠᠭᠰᠠᠨ ᠪᠠᠶᠢᠨ᠎ᠠ᠃ ᠭᠦᠸᠧ ᠢᠦᠶ ᠹᠧᠩ | ᠬᠦᠨᠪᠤᠯᠠᠭ ᠰᠤᠮᠤᠨ ᠤ ᠮᠦᠷᠬᠦᠴᠡᠭ ᠭᠠᠴᠠᠭ᠎ᠠ᠂ ᠬᠤᠩ ᠴᠢ ᠪᠠᠯᠭᠠᠰᠤᠨ ᠤ ᠱᠤᠸᠠᠩ ᠰᠢ ᠲᠣᠰᠬᠤᠨ ᠪᠠ ᠮᠢᠨ ᠵᠤ᠋ | ᠲᠣᠰᠬᠤᠨ ᠳᠤ ᠬᠦᠷᠴᠦ᠂ ᠨᠤᠲᠤᠭ ᠪᠡᠯᠴᠢᠭᠡᠷ ᠤᠨ ᠲᠠᠴᠢᠷᠰᠢᠯ ᠢ ᠵᠠᠰᠠᠬᠤ ᠲᠥᠷᠥᠯ ᠵᠦᠢᠯ᠂ ᠤᠯᠤᠰ ᠤᠨ ᠭᠠᠵᠠᠷ | ᠰᠢᠷᠣᠶ ᠶᠢᠨ ᠨᠣᠭᠤᠭᠠᠷᠠᠭᠤᠯᠤᠯᠲᠠ ᠶᠢᠨ ᠲᠤᠷᠰᠢᠯᠲᠠ ᠬᠢᠵᠦ ᠵᠢᠱᠢᠶ᠎ᠡ ᠦᠵᠡᠭᠦᠯᠬᠦ ᠲᠥᠷᠥᠯ ᠵᠦᠢᠯ ᠵᠢᠴᠢ ᠲᠥᠪ ᠤᠨ | ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠭᠠᠷᠳᠠᠨ ᠪᠠᠶᠢᠴᠠᠭᠠᠵᠤ ᠬᠠᠷᠢᠭᠤ ᠲᠤᠰᠬᠠᠭᠰᠠᠨ | ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠠᠬᠢᠴᠠ ᠶᠢᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ | ᠦᠵᠡᠭᠡᠳ᠂ ᠠᠮᠢ ᠠᠬᠤᠶ ᠶᠢᠨ ᠬᠠᠮᠠᠭᠠᠯᠠᠯᠳᠠ ᠶᠢ ᠢᠮᠠᠭᠲᠠ ᠴᠢᠬᠤᠯᠠ ᠤᠯᠤᠰ ᠲᠥᠷᠥ ᠶᠢᠨ ᠡᠭᠦᠷᠭᠡ ᠪᠤᠯᠭᠠᠨ᠂ ᠣᠶ | ᠰᠢᠭᠤᠶ ᠨᠤᠳᠤᠭ ᠪᠡᠯᠴᠢᠭᠡᠷ ᠢ ᠡᠪᠳᠡᠬᠦ᠂ ᠳᠤᠷ᠎ᠠ ᠪᠠᠷ ᠢᠶᠠᠨ ᠠᠲᠠᠷ ᠬᠠᠭᠠᠯᠪᠤᠷᠢᠯᠠᠬᠤ ᠵᠡᠷᠭᠡ ᠠᠮᠢ ᠠᠬᠤᠶ ᠣᠷᠴᠢᠨ | ᠲᠣᠭᠤᠷᠢᠨ ᠢ ᠡᠪᠳᠡᠭᠰᠡᠨ ᠠᠰᠠᠭᠤᠳᠠᠯ ᠢ ᠡᠷᠡᠰ ᠲᠤᠶᠢᠯᠪᠤᠷᠢᠳᠠᠢ ᠴᠡᠭᠴᠡᠯᠡᠨ ᠰᠠᠶᠢᠵᠢᠷᠠᠭᠤᠯᠵᠤ᠂ ᠬᠢᠯᠪᠠᠷ ᠪᠤᠰᠤ ᠪᠠᠷ | ᠣᠯᠤᠭᠰᠠᠨ ᠠᠮᠢ ᠠᠬᠤᠶ ᠶᠢᠨ ᠦᠷ᠎ᠡ ᠪᠦᠲᠦᠭᠡᠯ ᠢ ᠰᠠᠶᠢᠲᠤᠷ ᠰᠠᠬᠢᠨ ᠬᠠᠮᠠᠭᠠᠯᠠᠬᠤ ᠬᠡᠷᠡᠭᠲᠡᠶ ᠭᠡᠵᠦ ᠴᠢᠬᠤᠯᠠᠴᠢᠯᠠᠪᠠ᠃ | ᠡᠨᠡ ᠬᠤᠭᠤᠴᠠᠭᠠᠨ ᠳᠤ᠂ ᠭᠦᠸᠧ ᠢᠦᠶ ᠹᠧᠩ ᠪᠠᠰᠠ ᠬᠦᠨᠪᠤᠯᠠᠭ ᠰᠤᠷᠭᠠᠭᠤᠯᠢ ᠳᠤ ᠭᠦᠨᠵᠡᠭᠡᠶᠢᠷᠡᠵᠦ᠂ | ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠵᠢᠭᠠᠨ ᠰᠤᠷᠭᠠᠯᠲᠠ ᠪᠠ ᠦᠵᠡᠯ ᠰᠠᠨᠠᠭ᠎ᠠ | ᠤᠯᠤᠰ ᠲᠥᠷᠥ ᠶᠢᠨ ᠬᠢᠴᠢᠶᠡᠯ ᠤᠨ ᠪᠠᠶᠢᠳᠠᠯ ᠢ ᠪᠠᠶᠢᠴᠠᠭᠠᠨ ᠰᠤᠳᠤᠯᠤᠭᠰᠠᠨ ᠪᠠᠶᠢᠨ᠎ᠠ᠃ ᠬᠤᠰᠢᠭᠤᠨ ᠤ ᠵᠠᠬᠢᠳᠠᠯ | ᠰᠤᠷᠪᠤᠯᠵᠢᠯᠠᠭ᠎ᠠ ᠶᠢᠨ ᠲᠤᠪᠴᠢᠶᠠᠨ ᠳᠤ ᠬᠦᠷᠴᠦ᠂ ᠭᠤᠣᠯᠳᠠᠯᠭ᠎ᠠ ᠲᠠᠢ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ | ᠰᠢᠢᠳᠪᠦᠷᠢᠯᠡᠭᠰᠡᠨ ᠪᠠᠶᠢᠳᠠᠯ ᠢ ᠪᠠᠶᠢᠴᠠᠭᠠᠨ ᠤᠶᠢᠯᠠᠭᠠᠬᠤ ᠳᠠᠭᠠᠨ ᠬᠦᠸᠧ ᠢᠤᠢ ᠹᠧᠩ ︽ᠤᠯᠠᠨ ᠲᠦᠮᠡᠨ ᠤ ᠠᠰᠢᠭ | ᠲᠤᠰᠠ ᠳᠤ ᠪᠠᠭ᠎ᠠ ᠶᠠᠪᠤᠳᠠᠯ ᠭᠡᠵᠦ ᠦᠭᠡᠢ᠂ ᠠᠷᠭ᠎ᠠ ᠪᠦᠬᠦᠨ ᠢ ᠰᠦᠪᠡᠭᠴᠢᠯᠡᠨ ᠤᠯᠠᠨ ᠲᠦᠮᠡᠨ ᠤ ᠬᠦᠴᠢᠷ | ᠵᠣᠪᠠᠭᠤᠷᠢ ᠶᠢ ᠠᠷᠢᠯᠭᠠᠵᠤ᠂ ᠤᠯᠠᠨ ᠲᠦᠮᠡᠨ ᠤ ᠵᠦᠢ ᠶᠣᠰᠣᠨ ᠤ ᠬᠦᠰᠡᠯ ᠱᠠᠭᠠᠷᠳᠠᠯᠭ᠎ᠠ ᠶᠢ ᠬᠠᠤᠯᠢ ᠲᠦᠷᠢᠮ | ᠶᠤᠰᠤᠭᠠᠷ ᠰᠢᠢᠳᠪᠦᠷᠢᠯᠡᠨ᠂ ᠤᠯᠠᠨ ᠲᠦᠮᠡᠨ ᠤ ᠤᠯᠤᠯᠳᠠ ᠬᠦᠷᠲᠡᠮᠵᠢ ᠶᠢᠨ ᠲᠦᠷᠦᠭᠳᠡᠯ᠂ ᠠᠵᠠ ᠵᠢᠷᠭᠠᠯ ᠤᠨ | ᠲᠦᠷᠦᠭᠳᠡᠯ ᠪᠠ ᠠᠮᠤᠷ ᠲᠦᠪᠰᠢᠨ ᠤ ᠲᠦᠷᠦᠭᠳᠡᠯ ᠢ ᠦᠨᠡᠨ ᠬᠦ ᠨᠡᠮᠡᠭᠳᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ |