ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ | ᠬᠠᠷᠢᠭᠤᠴᠠᠯᠭ᠎ᠠ ᠶᠢᠨ ᠲᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠣᠶᠤᠨ ᠤ ᠪᠣᠯᠪᠠᠰᠤᠨ ᠤ | ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠥᠯᠥᠭᠡ᠂ 5 ᠰᠠᠷ᠎ᠠ ᠶᠢᠨ 27 ᠤ ᠡᠳᠦᠷ ᠯᠦᠸᠧ | ᠲᠦᠸᠧ ᠱᠠᠨ ᠪᠠᠯᠭᠠᠰᠤ ᠨᠢ 2025 ᠤᠨ ᠤ ᠣᠶᠤᠨ ᠤ ᠪᠣᠯᠪᠠᠰᠤᠨ ᠤ ᠪᠠᠶᠢᠭᠤᠯᠤᠯᠲᠠ ᠪᠠ ᠦᠵᠡᠯ ᠤᠬᠠᠮᠰᠠᠷ ᠤᠨ | ᠬᠡᠯᠪᠡᠷᠢ ᠶᠢᠨ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠢᠵᠦ᠂ ᠪᠠᠯᠭᠠᠰᠤᠨ ᠤ ᠤᠳᠤᠷᠢᠳᠬᠤ ᠪᠠᠭ ᠤᠨ | ᠭᠡᠰᠢᠬᠦᠳ᠂ ᠡᠯ᠎ᠡ ᠲᠣᠰᠬᠤᠨ ᠤ ᠨᠠᠮ ᠤᠨ ᠡᠭᠦᠷ ᠤᠨ ᠱᠦᠵᠢ ᠬᠤᠷᠠᠯ ᠳᠤ ᠣᠷᠣᠯᠴᠠᠪᠠ᠃ ᠬᠤᠷᠠᠯ ᠳᠡᠭᠡᠷ᠎ᠡ᠂ | ᠪᠠᠯᠭᠠᠰᠤᠨ ᠤ ᠤᠬᠠᠭᠤᠯᠬᠤ ᠭᠡᠰᠢᠭᠦᠨ ᠵᠠᠩ ᠪᠢᠨ ᠠᠴᠠ ᠪᠥᠬᠦ ᠪᠠᠯᠭᠠᠰᠤᠨ ᠤ ᠪᠣᠳᠠᠲᠤ ᠪᠠᠶᠢᠳᠠᠯ ᠲᠠᠢ | ᠤᠶᠠᠯᠳᠤᠭᠤᠯᠤᠨ 2025 ᠣᠨ ᠤ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠳᠤ ᠲᠤᠯᠭᠠᠷᠠᠵᠤ ᠪᠠᠶᠢᠭ᠎ᠠ ᠰᠢᠨ᠎ᠡ | ᠪᠠᠶᠢᠳᠠᠯ ᠵᠢᠴᠢ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠵᠢᠯ ᠳᠤ ᠣᠷᠣᠰᠢᠵᠤ ᠪᠠᠶᠢᠭ᠎ᠠ ᠠᠰᠠᠭᠤᠳᠠᠯ ᠪᠠ | ᠥᠷᠢᠰᠥᠯᠳᠦᠭᠡᠨ ᠢ ᠭᠦᠨᠵᠡᠭᠡᠶ ᠵᠠᠳᠠᠯᠤᠯᠳᠠ ᠮᠠᠭᠠᠳᠯᠠᠭᠰᠠᠨ ᠪᠥᠭᠡᠳ 2025 ᠣᠨ ᠤ ᠣᠶᠤᠨ ᠤ ᠪᠣᠯᠪᠠᠰᠤᠨ ᠤ | ᠪᠠᠶᠢᠭᠤᠯᠤᠯᠲᠠ ᠪᠠ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠳᠤ ᠪᠥᠬᠦ ᠲᠠᠯ᠎ᠠ ᠶᠢᠨ ᠪᠠᠶᠢᠷᠢᠯᠠᠭᠤᠯᠤᠯᠲᠠ ᠬᠢᠵᠡᠢ᠃ | ᠬᠤᠷᠠᠯ ᠠᠴᠠ᠂ ᠨᠢᠭᠡ ᠳᠤ ᠤᠨᠤᠯ ᠤᠨ ᠵᠡᠪᠰᠡᠭᠯᠡᠯ ᠢ ᠴᠢᠩᠭᠠᠳᠬᠠᠵᠤ᠂ ᠦᠵᠡᠯ ᠰᠠᠨᠠᠭᠠᠨ ᠤ ᠰᠠᠭᠤᠷᠢ ᠶᠢ ᠪᠠᠳᠤᠳᠬᠠᠨ | ᠂ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠶᠢ ᠦᠷᠭᠦᠯᠵᠢᠯᠡᠨ ᠭᠦᠨᠵᠡᠭᠡᠢ ᠰᠤᠷᠤᠯᠴᠠᠵᠤ᠂ ᠤᠨᠤᠯ ᠤᠨ ᠰᠤᠷᠤᠯᠴᠠᠯᠭ᠎ᠠ ᠶᠢ ᠪᠠᠶᠢᠩᠭᠤᠵᠢᠭᠤᠯᠬᠤ ᠪᠠ | ᠳᠦᠷᠢᠮᠵᠢᠭᠦᠯᠬᠦ ᠬᠡᠷᠡᠭᠲᠡᠢ᠃ ᠬᠤᠶᠠᠷ ᠲᠤ ᠪᠣᠯᠪᠠᠰᠤᠨ ᠤ ᠦᠢᠯᠡᠳᠦᠯᠭᠡ ᠶᠢ ᠭᠦᠨᠵᠡᠭᠡᠶᠢᠷᠡᠭᠦᠯᠵᠦ᠂ ᠪᠣᠯᠪᠠᠰᠤᠨ ᠰᠢᠨ᠎ᠡ | ᠰᠤᠷᠲᠠᠯ ᠢ ᠪᠤᠶᠢᠵᠢᠭᠤᠯᠤᠨ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠳᠡᠭᠡ ᠰᠠᠯᠪᠤᠷᠢ ᠶᠢᠨ | ᠦᠢᠯᠡᠳᠦᠯ ᠢ ᠭᠦᠢᠴᠡᠳ ᠪᠠᠳᠠᠷᠠᠭᠤᠯᠵᠤ᠂ ᠪᠣᠯᠪᠠᠰᠤᠨ ᠤ ᠦᠢᠯᠡᠳᠦᠯᠭᠡ ᠶᠢᠨ ᠠᠵᠢᠯᠯᠠᠭ᠎ᠠ ᠶᠢ ᠥᠷᠭᠡᠨ ᠲᠡᠯᠬᠡᠷ | ᠦᠷᠨᠢᠬᠦᠯᠦᠨ᠂ ᠤᠯᠠᠨ ᠲᠦᠮᠡᠨ ᠢ ᠵᠢᠯᠣᠭᠤᠳᠴᠤ ᠪᠠᠶᠢᠭᠠᠳ ᠬᠠᠭᠤᠴᠢᠨ ᠶᠣᠰᠣ ᠪᠦᠳᠦᠭᠦᠯᠢᠭ ᠵᠠᠩᠰᠢᠯ ᠢ | ᠲᠠᠶᠠᠭᠳᠠᠭᠤᠯᠵᠤ᠂ ᠪᠣᠯᠪᠠᠰᠤᠨ ᠰᠢᠨ᠎ᠡ ᠬᠡᠪ ᠰᠤᠷᠲᠠᠯ ᠢ ᠪᠤᠢ ᠪᠣᠯᠭᠠᠬᠤ ᠬᠡᠷᠡᠭᠲᠡᠢ᠃ ᠭᠤᠷᠪᠠ ᠳᠤ ᠰᠠᠭᠤᠷᠢᠨ | ᠭᠠᠵᠠᠷ ᠤᠨ ᠪᠠᠶᠢᠭᠤᠯᠤᠯᠲᠠ ᠶᠢ ᠴᠢᠩᠭᠠᠳᠬᠠᠵᠤ᠂ ᠶᠠᠷᠢᠶ᠎ᠠ ᠬᠡᠯᠡᠯᠴᠡᠭᠡᠨ ᠤ ᠤᠳᠤᠷᠢᠳᠤᠮᠵᠢ ᠶᠢ ᠡᠵᠡᠮᠳᠡᠨ᠂ ᠦᠵᠡᠯ | ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠡᠯ᠎ᠡ | ᠲᠦᠷᠦᠯ ᠤᠨ ᠦᠵᠡᠯ ᠤᠬᠠᠮᠰᠠᠷ ᠤᠨ ᠬᠡᠯᠪᠡᠷᠢ ᠶᠢᠨ ᠰᠠᠭᠤᠷᠢᠨ ᠭᠠᠵᠠᠷ ᠤᠨ ᠬᠠᠮᠢᠶᠠᠷᠤᠯᠲᠠ ᠶᠢ ᠴᠢᠩᠭᠠᠳᠬᠠᠨ᠂ | ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠠᠮᠤᠷ ᠲᠦᠪᠰᠢᠨ ᠢ ᠪᠠᠲᠤᠯᠠᠬᠤ ᠬᠡᠷᠡᠭᠲᠡᠢ᠃ ᠲᠦᠷᠪᠡ ᠳᠤ | ᠪᠠᠯᠭᠠᠰᠤ ᠲᠣᠰᠬᠤᠨ ᠤ ᠤᠬᠠᠭᠤᠯᠭ᠎ᠠ ᠶᠢᠨ ᠰᠠᠭᠤᠷᠢᠨ ᠭᠠᠵᠠᠷ ᠢ ᠰᠠᠶᠢᠲᠤᠷ ᠬᠠᠮᠢᠶᠠᠷᠴᠤ ᠰᠠᠶᠢᠲᠤᠷ ᠭᠡᠷᠡᠭᠯᠡᠨ᠂ | ᠲᠦᠷᠦ ᠶᠢᠨ ᠪᠤᠳᠤᠯᠭ᠎ᠠ᠂ ᠠᠵᠢᠯ ᠤᠨ ᠪᠠᠶᠢᠳᠠᠯ᠂ ᠨᠡᠶᠢᠲᠡᠯᠢᠭ ᠵᠢᠱᠢᠶ᠎ᠡ ᠵᠡᠷᠭᠡ ᠮᠡᠳᠡᠭᠡ ᠵᠠᠩᠭᠢ ᠶᠢ ᠴᠠᠭ ᠲᠤᠬᠠᠢ ᠳᠤᠨᠢ | ᠨᠡᠶᠢᠲᠡᠯᠡᠬᠦ ᠬᠡᠷᠡᠭᠲᠡᠢ᠃ ᠪᠥᠬᠦ ᠪᠠᠯᠭᠠᠰᠤ ᠪᠠᠷ ᠢᠶᠠᠨ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ | ᠣᠶᠤᠨ ᠤ ᠪᠣᠯᠪᠠᠰᠤᠨ ᠤ ᠪᠠᠶᠢᠭᠤᠯᠤᠯᠲᠠ ᠪᠠ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠰᠠᠶᠢᠲᠤᠷ ᠬᠢᠬᠦ ᠶᠢᠨ | ᠴᠢᠬᠤᠯᠠ ᠴᠢᠨᠠᠷ ᠪᠠ ᠲᠤᠯᠭᠠᠮ᠎ᠠ ᠴᠢᠨᠠᠷ ᠢ ᠭᠦᠨᠵᠡᠭᠡᠶ ᠲᠠᠨᠢᠨ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ | ᠠᠵᠢᠯ ᠡᠭᠦᠷᠭᠡ ᠪᠠᠨ ᠰᠠᠶᠢᠲᠤᠷ ᠭᠦᠢᠴᠡᠳᠬᠡᠵᠦ᠂ ᠵᠡᠷᠭᠡ ᠪᠠᠷ ᠠᠳᠬᠤᠵᠤ ᠬᠠᠮᠲᠤ ᠪᠠᠷ ᠬᠠᠮᠢᠶᠠᠷᠬᠤ ᠠᠵᠢᠯ ᠤᠨ | ᠪᠠᠶᠢᠷᠢᠰᠢᠯ ᠪᠤᠢ ᠪᠤᠯᠭᠠᠨ᠂ ᠠᠵᠢᠯ ᠤᠨ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠵᠤ᠂ ᠣᠯᠠᠨ ᠲᠦᠮᠡᠨ ᠤ | ᠦᠵᠡᠵᠦ ᠰᠣᠨᠢᠷᠬᠠᠬᠤ ᠳᠤᠷᠠᠲᠠᠶ ᠠᠷᠭ᠎ᠠ ᠮᠠᠶ᠋ᠢᠭ ᠢᠶᠠᠷ ᠠᠵᠢᠯ ᠢᠶᠠᠨ ᠦᠷᠨᠢᠬᠦᠯᠦᠨ᠂ ᠣᠯᠠᠨ ᠲᠦᠮᠡᠨ ᠤ ᠤᠷᠤᠯᠴᠠᠯᠭ᠎ᠠ | ᠶᠢᠨ ᠬᠡᠮᠵᠢᠶ᠎ᠡ ᠪᠠ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠪᠥᠬᠦ ᠪᠠᠯᠭᠠᠰᠤᠨ ᠤ ᠴᠢᠨᠠᠷ | ᠰᠠᠶᠢᠲᠠᠶ ᠬᠥᠭᠵᠢᠯᠲᠡ ᠶᠢ ᠠᠬᠢᠭᠤᠯᠬᠤ ᠳᠤ ᠬᠦᠴᠦᠷᠬᠡᠭ ᠶᠡᠭᠡ ᠣᠶᠤᠨ ᠰᠠᠨᠠᠭᠠᠨ ᠤ ᠬᠥᠳᠡᠯᠭᠡᠬᠦ ᠬᠦᠴᠦᠨ ᠪᠠ ᠰᠠᠶᠢᠨ | ᠰᠠᠶᠢᠬᠠᠨ ᠶᠠᠷᠢᠶ᠎ᠠ ᠬᠡᠯᠡᠯᠴᠡᠭᠡᠨ ᠤ ᠣᠷᠴᠢᠨ ᠲᠣᠭᠤᠷᠢᠨ ᠢ ᠬᠠᠩᠭᠠᠬᠤ ᠬᠡᠷᠡᠭᠲᠡᠶ ᠭᠡᠵᠦ ᠴᠢᠬᠤᠯᠠᠴᠢᠯᠠᠪᠠ᠃ |