ᠴᠧᠨ ᠶᠠᠨ ᠪᠦᠦ ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶᠠᠨ ᠳᠤ ᠬᠦᠷᠴᠦ ᠰᠤᠷᠤᠯᠴᠠᠨ ᠰᠤᠯᠢᠯᠴᠠᠪᠠ
ᠨᠡᠶᠢᠲᠡᠯᠡᠭᠰᠡᠨ ᠴᠠᠭ᠄
2025/5/29
  ᠣᠶᠢᠷ᠎ᠠ ᠳᠤ᠂ ᠬᠤᠰᠢᠭᠤ ᠨᠠᠮ ᠤᠨ ᠬᠤᠷᠢᠶᠠᠨ ᠤ ᠱᠦᠵᠢ ᠴᠧᠨ ᠶᠠᠨ ᠪᠦᠦ ᠪᠦᠯᠬᠦᠮ ᠳᠠᠭᠠᠭᠤᠯᠤᠨ ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶᠠᠨ ᠳᠤ ᠬᠦᠷᠴᠦ ᠰᠤᠷᠤᠯᠴᠠᠨ ᠰᠤᠯᠢᠯᠴᠠᠵᠠᠢ᠃ ᠡᠨᠡ ᠬᠤᠭᠤᠴᠠᠭᠠᠨ ᠳᠤ᠂ ᠤᠷᠢᠳ ᠬᠤᠵᠢᠳ ᠷᠠᠳᠢᠣ᠋ ᠲᠧᠯᠸᠢᠰ ᠬᠤᠷᠢᠶᠠᠨ ᠤ ᠰᠣᠶᠣᠯ ᠤᠨ ᠬᠤᠩᠬᠢᠯ᠂ ᠬᠠᠮ ᠵᠠᠭᠤᠴᠢᠯᠠᠭᠤᠷ ᠤᠨ ᠰᠣᠨᠢᠨ ᠮᠡᠳᠡᠭᠡᠨ ᠤ ᠲᠥᠪ᠂ ᠣᠳᠣᠨ ᠲᠧᠯᠸᠢᠰ ᠤᠨ ᠫᠷᠤᠭ᠍ᠷᠠᠮ ᠦᠢᠯᠡᠳᠴᠦ ᠳᠠᠮᠵᠢᠭᠤᠯᠬᠤ ᠲᠥᠪ᠂ ᠲᠣᠭᠯᠠᠯᠲᠠ ᠶᠢᠨ ᠲᠠᠰᠤᠭ ᠵᠡᠷᠭᠡ ᠶᠢ ᠲᠣᠭᠤᠷᠢᠨ ᠦᠵᠡᠵᠦ᠂  ᠷᠠᠳᠢᠣ᠋ ᠲᠧᠯᠸᠢᠰ ᠬᠤᠷᠢᠶᠠᠨ ᠤ ᠰᠣᠨᠢᠨ ᠮᠡᠳᠡᠭᠡᠨ ᠤ ᠰᠤᠷᠪᠤᠯᠵᠢᠯᠠᠨ ᠨᠠᠶᠢᠷᠠᠭᠤᠯᠬᠤ ᠠᠵᠢᠯ ᠤᠨ ᠶᠠᠪᠤᠴᠠ᠂ ᠣᠳᠣᠨ ᠲᠧᠯᠸᠢᠰ ᠤᠨ ᠨᠠᠷᠠᠲᠤ ᠲᠡᠮᠳᠡᠭᠲᠦ ᠪᠤᠯᠤᠩ ᠦᠢᠯᠡᠳᠬᠦ ᠵᠢᠴᠢ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯ ᠤᠨ ᠦᠷ᠎ᠡ ᠪᠦᠲᠦᠭᠡᠯ ᠢ ᠰᠤᠷᠤᠯᠴᠠᠭᠰᠠᠨ ᠤ ᠬᠠᠮᠲᠤ᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠲᠡᠭᠡᠭᠰᠢᠯᠡᠬᠦᠯᠬᠦ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠴᠢᠳᠠᠪᠤᠷᠢ ᠶᠢ ᠴᠢᠩᠭᠠᠳᠬᠠᠬᠤ᠂ ᠰᠣᠨᠢᠨ ᠮᠡᠳᠡᠭᠡᠨ ᠤ ᠰᠤᠷᠪᠤᠯᠵᠢᠯᠠᠨ ᠨᠠᠶᠢᠷᠠᠭᠤᠯᠬᠤ ᠤᠷ᠎ᠠ ᠴᠢᠳᠠᠪᠤᠷᠢ ᠶᠢ ᠨᠡᠮᠡᠭᠳᠡᠬᠦᠯᠬᠦ᠂  ᠰᠢᠯᠢᠳᠡᠭ ᠰᠠᠶᠢᠨ ᠰᠣᠨᠢᠨ ᠮᠡᠳᠡᠭᠡᠨ ᠤ ᠶᠠᠷᠢᠶ᠎ᠠ ᠬᠡᠯᠡᠯᠴᠡᠭᠡᠨ ᠤ ᠣᠷᠴᠢᠨ ᠲᠣᠭᠤᠷᠢᠨ ᠢ ᠪᠣᠶ ᠪᠣᠯᠭᠠᠬᠤ᠂ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠬᠦ ᠵᠡᠷᠭᠡ ᠲᠠᠯ᠎ᠠ ᠪᠠᠷ ᠭᠦᠨᠵᠡᠭᠡᠶ ᠰᠣᠯᠢᠯᠴᠠᠪᠠ᠃ ᠰᠤᠷᠤᠯᠴᠠᠯᠭ᠎ᠠ ᠪᠠᠷ ᠲᠠᠮᠵᠢᠭᠠᠳ᠂ ᠲᠠᠶᠢᠹᠤᠰᠧ ᠬᠤᠰᠢᠭᠤᠨ ᠤ ᠰᠢᠨ᠎ᠡ ᠪᠠᠶᠢᠳᠠᠯ ᠳᠣᠣᠷᠠᠬᠢ ᠰᠣᠨᠢᠨ ᠮᠡᠳᠡᠭᠡ ᠶᠠᠷᠢᠶ᠎ᠠ ᠬᠡᠯᠡᠯᠴᠡᠭᠡ ᠤᠬᠠᠭᠤᠯᠭ᠎ᠠ ᠶᠢᠨ ᠠᠵᠢᠯ ᠪᠠ ᠦᠵᠡᠯ ᠤᠬᠠᠮᠰᠠᠷ ᠤᠨ ᠬᠡᠯᠪᠡᠷᠢ ᠶᠢᠨ ᠬᠦᠷᠢᠶᠡᠨ ᠳᠠᠬᠢ ᠪᠦᠳᠦᠬᠡᠨ ᠪᠠᠶᠢᠭᠤᠯᠤᠯᠲᠠ ᠶᠢᠨ ᠴᠢᠳᠠᠪᠤᠷᠢ ᠶᠢ ᠤᠯᠠᠮ ᠨᠢᠭᠡ ᠠᠯᠬᠤᠮ ᠲᠡᠭᠡᠭᠰᠢᠯᠡᠬᠦᠯᠦᠭᠰᠡᠨ ᠪᠥᠭᠡᠳ ᠲᠤᠬᠠᠢ ᠶᠢᠨ ᠭᠠᠵᠠᠷ ᠤᠨ ᠰᠣᠨᠢᠨ ᠮᠡᠳᠡᠭᠡᠨ ᠤ ᠠᠵᠢᠯᠲᠠᠳ ᠤᠨ ᠤᠯᠠᠨ ᠲᠦᠮᠡᠨ ᠲᠠᠢ ᠤᠢᠢᠷᠠᠳᠤᠭᠰᠠᠨ ᠰᠢᠯᠢᠳᠡᠭ ᠰᠠᠶᠢᠨ ᠰᠣᠨᠢᠨ ᠮᠡᠳᠡᠭᠡ ᠨᠠᠶᠢᠷᠠᠭᠤᠯᠵᠤ ᠪᠢᠴᠢᠬᠦ ᠬᠠᠷᠠᠭᠠᠰᠤ ᠪᠠ ᠰᠡᠳᠬᠢᠴᠡ  ᠶᠢ ᠥᠷᠭᠡᠳᠭᠡᠭᠰᠡᠨ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠶᠢᠨ ᠲᠣᠭᠤᠷᠢᠨ ᠳᠤ᠂ ᠲᠠᠶᠢᠹᠤᠰᠧ ᠬᠤᠰᠢᠭᠤᠨ ᠤ ᠬᠢᠨ ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶ᠎ᠠ ᠯᠤᠭ᠎ᠠ ᠶᠢᠨ ᠬᠠᠷᠢᠯᠴᠠᠭ᠎ᠠ ᠰᠤᠯᠢᠯᠴᠠᠭ᠎ᠠ  ᠪᠠᠨ ᠴᠢᠩᠭᠠᠳᠬᠠᠵᠤ᠂ ᠨᠢᠭᠡ ᠪᠦᠯᠦᠭ ᠰᠢᠯᠢᠳᠡᠭ ᠰᠣᠨᠢᠨ ᠮᠡᠳᠡᠭᠡ ᠪᠠ ᠤᠳᠬ᠎ᠠ ᠤᠷᠠᠯᠢᠭ ᠤᠨ ᠪᠦᠲᠦᠭᠡᠯ ᠢ ᠢᠳᠡᠪᠬᠢᠲᠡᠢ ᠪᠠᠷ ᠳᠡᠭᠡᠭᠰᠢ ᠮᠡᠳᠡᠭᠦᠯᠵᠦ᠂ ᠰᠣᠯᠢᠯᠴᠠᠭ᠎ᠠ ᠰᠤᠷᠤᠯᠴᠠᠯᠭ᠎ᠠ ᠶᠢᠨ ᠳᠤᠮᠳᠠ ᠲᠤᠬᠠᠶᠢᠯᠠᠭᠰᠠᠨ ᠠᠵᠢᠯ ᠤᠨ  ᠬᠢᠷᠢ ᠴᠢᠳᠠᠪᠤᠷᠢ ᠪᠠ ᠶᠡᠷᠦᠩᠬᠡᠶᠢᠯᠡᠭᠰᠡᠨ ᠬᠡᠪ ᠴᠢᠨᠠᠷ ᠢ ᠳᠡᠭᠡᠭᠰᠢᠯᠡᠭᠦᠯᠦᠨ᠂ ᠤᠯᠤᠰ ᠲᠥᠷᠥ ᠶᠢᠨ ᠲᠠᠯ᠎ᠠ ᠪᠠᠷ ᠪᠠᠲᠤ ᠴᠢᠩᠭ᠎ᠠ᠂ ᠲᠤᠬᠠᠶᠢᠯᠠᠭᠰᠠᠨ ᠠᠵᠢᠯ ᠳᠠᠭᠠᠨ ᠭᠠᠷᠮᠠᠭᠠᠢ᠂ ᠣᠪᠣᠷ ᠰᠤᠷᠲᠠᠯ ᠰᠢᠯᠢᠳᠡᠭ ᠰᠠᠶᠢᠨ ᠤᠬᠠᠭᠤᠯᠭ᠎ᠠ ᠶᠢᠨ ᠠᠵᠢᠯᠳᠠᠨ ᠤ ᠡᠩᠨᠡᠭᠡ ᠶᠢ ᠪᠠᠶᠢᠭᠤᠯᠬᠤ ᠪᠠᠷ ᠪᠠᠶᠢᠨ᠎ᠠ᠃ ᠬᠤᠶᠠᠷ ᠭᠠᠵᠠᠷ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠳᠡᠭᠡᠷᠡᠬᠢ ᠠᠵᠢᠯᠯᠠᠭ᠎ᠠ ᠳᠤ ᠣᠷᠣᠯᠴᠠᠪᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号