ᠪᠥᠬᠦ ᠬᠤᠰᠢᠭᠤᠨ ᠤ ᠨᠠᠮ ᠵᠠᠰᠠᠭ ᠤᠨ ᠠᠯᠪᠠᠨ ᠰᠢᠰᠲ᠋ᠧᠮ ᠤᠨ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠡᠷᠬᠢᠯᠡᠪᠡ
ᠨᠡᠶᠢᠲᠡᠯᠡᠭᠰᠡᠨ ᠴᠠᠭ᠄
2025/5/29
   ᠪᠥᠬᠦ ᠬᠤᠰᠢᠭᠤᠨ ᠤ ᠨᠠᠮ ᠵᠠᠰᠠᠭ ᠤᠨ ᠠᠯᠪᠠᠨ ᠰᠢᠰᠲ᠋ᠧᠮ ᠤᠨ ᠠᠵᠢᠯᠲᠠᠨ ᠤ ᠠᠵᠢᠯ ᠤᠨ ᠴᠢᠳᠠᠪᠤᠷᠢ ᠪᠠ ᠲᠤᠬᠠᠶᠢᠯᠠᠭᠰᠠᠨ ᠠᠵᠢᠯ ᠤᠨ ᠬᠡᠪ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠨᠠᠩ ᠰᠠᠶᠢᠨ ᠦᠢᠯᠡᠴᠢᠯᠡᠬᠦᠯᠬᠦ ᠶᠢᠨ ᠲᠥᠯᠥᠭᠡ᠂  5 ᠰᠠᠷ᠎ᠠ ᠶᠢᠨ 28 ᠤ ᠡᠳᠦᠷ ᠲᠠᠶᠢᠹᠤᠰᠧ ᠬᠤᠰᠢᠭᠤ ᠨᠢ ᠪᠥᠬᠦ ᠬᠤᠰᠢᠭᠤᠨ ᠤ ᠨᠠᠮ ᠵᠠᠰᠠᠭ ᠤᠨ ᠠᠯᠪᠠᠨ ᠰᠢᠰᠲ᠋ᠧᠮ ᠤᠨ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠡᠷᠬᠢᠯᠡᠵᠦ᠂  ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂  ᠬᠤᠰᠢᠭᠤ ᠨᠠᠮ ᠤᠨ ᠬᠤᠷᠢᠶᠠᠨ ᠤ ᠠᠯᠪᠠᠨ ᠬᠡᠷ ᠤᠨ ᠡᠷᠬᠢᠯᠡᠭᠴᠢ ᠯᠢᠦ ᠶᠠ ᠱᠧᠩ ᠰᠤᠷᠤᠯᠭ᠎ᠠ ᠡᠬᠢᠯᠡᠬᠦ ᠶᠣᠰᠣᠯᠠᠯ ᠳᠤ ᠣᠷᠣᠯᠴᠠᠵᠤ ᠶᠠᠷᠢᠶ᠎ᠠ ᠲᠠᠯᠪᠢᠵᠠᠢ᠃ ᠪᠣᠯᠪᠠᠰᠤᠷᠠᠯ ᠨᠢ ᠨᠢᠭᠡ ᠡᠳᠦᠷ ᠤᠨ ᠬᠤᠭᠤᠴᠠᠭ᠎ᠠ ᠲᠠᠢ ᠶᠠᠪᠤᠭᠳᠠᠵᠤ᠂ ᠭᠤᠤᠯᠳᠠᠭᠤ ᠠᠯᠪᠠᠨ ᠪᠢᠴᠢᠭ ᠰᠢᠢᠳᠪᠦᠷᠢᠯᠡᠬᠦ᠂ ᠬᠤᠷᠠᠯ ᠤᠨ ᠶᠠᠪᠤᠳᠠᠯ ᠤᠨ ᠦᠢᠯᠡᠴᠢᠯᠡᠭᠡ᠂ ᠰᠢᠨ᠎ᠡ ᠴᠠᠭ ᠦᠶ᠎ᠡ ᠶᠢᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ᠂  ᠲᠦᠷᠢᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ᠂ ᠪᠢᠴᠢᠭ ᠮᠠᠲ᠋ᠧᠷᠢᠶᠠᠯ ᠲᠤᠭᠤᠷᠪᠢᠬᠤ᠂ ᠨᠢᠭᠤᠴᠠ ᠶᠢ ᠬᠠᠮᠠᠭᠠᠯᠠᠬᠤ᠂ ᠠᠯᠪᠠᠨ ᠶᠠᠪᠤᠳᠠᠯ ᠤᠨ ᠶᠣᠰᠣᠯᠠᠯ ᠵᠡᠷᠭᠡ ᠶᠢᠨ ᠲᠣᠭᠤᠷᠢᠨ ᠳᠤ ᠲᠤᠰᠬᠠᠶ ᠰᠡᠳᠦᠪᠲᠦ ᠪᠣᠯᠪᠠᠰᠤᠷᠠᠯ ᠬᠢᠪᠡ᠃ ᠪᠣᠯᠪᠠᠰᠤᠷᠠᠯ ᠤᠨ ᠠᠭᠤᠯᠭ᠎ᠠ ᠨᠢ ᠪᠠᠶᠠᠯᠢᠭ᠂ ᠯᠣᠭᠢᠭ ᠨᠢ ᠴᠢᠩᠭ᠎ᠠ᠂ ᠬᠢᠴᠢᠶᠡᠯ ᠨᠢ ᠠᠪᠰᠠᠷᠬᠠᠨ ᠪᠦᠭᠡᠳ ᠮᠠᠰᠢ ᠴᠢᠩᠭ᠎ᠠ ᠬᠠᠨᠳᠤᠯᠭᠠᠲᠤ ᠴᠢᠨᠠᠷ᠂  ᠭᠡᠷᠡᠭᠴᠡᠭᠡᠳᠦ ᠴᠢᠨᠠᠷ ᠪᠠ ᠬᠡᠷᠡᠭᠵᠢᠭᠦᠯᠵᠦ ᠪᠣᠯᠬᠤᠶᠢᠴᠠ ᠴᠢᠨᠠᠷ ᠲᠠᠢ ᠪᠠᠶᠢᠵᠤ᠂  ᠤᠯᠤᠯᠳᠠ ᠲᠠᠢ  ᠰᠤᠷᠤᠯᠴᠠᠬᠤ᠂ ᠪᠦᠳᠦᠮᠵᠢ ᠲᠠᠢ ᠰᠤᠷᠤᠯᠴᠠᠬᠤ ᠵᠣᠷᠢᠯᠭ᠎ᠠ ᠳᠠᠭᠠᠨ ᠬᠦᠷᠴᠡᠶ᠃ ᠬᠤᠰᠢᠭᠤᠨ ᠤ ᠳᠥᠷᠪᠡᠨ ᠶᠡᠭᠡ ᠤᠳᠤᠷᠢᠳᠬᠤ ᠪᠠᠭ ᠤᠨ ᠠᠯᠪᠠᠨ ᠬᠡᠷ ᠤᠨ ᠡᠷᠬᠢᠯᠡᠭᠴᠢ᠂ ᠳᠡᠳ᠋ ᠡᠷᠬᠢᠯᠡᠭᠴᠢ ᠵᠢᠴᠢ ᠬᠠᠮᠢᠶ᠎ᠠ ᠪᠥᠬᠦᠶ ᠠᠵᠢᠯᠲᠠᠨ᠂ ᠡᠯ᠎ᠡ ᠰᠤᠮᠤ ᠰᠢᠶᠠᠩ ᠪᠠᠯᠭᠠᠰᠤ᠂  ᠡᠯ᠎ᠡ ᠰᠠᠯᠠᠭ᠎ᠠ ᠮᠥᠴᠢᠷ   ᠤᠨ ᠬᠠᠮᠢᠶ᠎ᠠ ᠪᠥᠬᠦᠶ ᠠᠵᠢᠯᠲᠠᠨ 235 ᠬᠥᠮᠦᠨ ᠪᠣᠯᠪᠠᠰᠤᠷᠠᠯ ᠳᠤ ᠣᠷᠣᠯᠴᠠᠪᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号