ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ — ᠴᠢᠶᠠᠨ ᠶᠢᠨ ᠭᠸᠦ ᠪᠠᠯᠭᠠᠰᠤ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/5/29
    ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠢ ᠠᠬᠢᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠵᠤ᠂ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾ ︽ᠦᠨᠳᠦᠰᠦᠲᠡᠨ ᠤ ᠬᠠᠤᠯᠢ ᠪᠠᠷ ᠵᠠᠰᠠᠬᠤ ᠤᠬᠠᠭᠤᠯᠭ᠎ᠠ ᠶᠢᠨ ᠭᠠᠷᠠᠭ︾ ᠤᠨ ᠠᠵᠢᠯᠯᠠᠭ᠎ᠠ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢᠨ ᠲᠥᠯᠥᠭᠡ᠂ 5 ᠰᠠᠷ᠎ᠠ ᠶᠢᠨ 26 ᠤ ᠡᠳᠦᠷ ᠴᠢᠶᠠᠨ ᠶᠢᠨ ᠭᠸᠦ ᠪᠠᠯᠭᠠᠰᠤ ︽ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ  ᠪᠦᠯᠬᠦᠮᠳᠡᠨ ᠲᠡᠮᠡᠴᠡᠵᠦ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠬᠤ︾ ᠪᠠᠷ ᠭᠤᠤᠯ ᠰᠡᠳᠦᠪ ᠪᠤᠯᠭᠠᠭᠰᠠᠨ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾ ᠪᠠ ︽ᠦᠨᠳᠦᠰᠦᠲᠡᠨ ᠤ ᠬᠠᠤᠯᠢ ᠪᠠᠷ ᠵᠠᠰᠠᠬᠤ ᠤᠬᠠᠭᠤᠯᠭ᠎ᠠ ᠶᠢᠨ ᠭᠠᠷᠠᠭ︾ ᠤᠨ ᠭᠤᠤᠯ ᠰᠡᠳᠦᠪᠲᠦ ᠠᠵᠢᠯᠯᠠᠭ᠎ᠠ ᠦᠷᠨᠢᠬᠦᠯᠵᠦ᠂ ᠦᠨᠳᠦᠰᠦᠲᠡᠨ ᠤ ᠲᠥᠷᠥ ᠶᠢᠨ ᠪᠣᠳᠣᠯᠭ᠎ᠠ ᠬᠠᠤᠯᠢ ᠲᠦᠷᠢᠮ ᠢ ᠦᠨᠳᠦᠰᠦᠨ ᠱᠠᠲᠤᠨ ᠳᠤ ᠬᠦᠷᠭᠡᠵᠦ᠂ ᠣᠯᠠᠨ ᠲᠦᠮᠡᠨ ᠤ ᠲᠡᠷᠭᠡᠳᠡ ᠬᠦᠷᠭᠡᠵᠡᠢ᠃ ᠪᠠᠯᠭᠠᠰᠤᠨ ᠤ ᠨᠠᠮ ᠤᠨ ᠬᠤᠷᠢᠶᠠᠨ ᠤ ᠭᠡᠰᠢᠭᠦᠨ᠂ ᠨᠢᠭᠡᠳᠦᠮᠡᠯ ᠹᠷᠣᠨᠲ ᠤᠨ ᠭᠡᠰᠢᠭᠦᠨ ᠯᠢ ᠵᠢᠶᠦ᠋ᠨ  ᠠᠴᠠ ︽ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ ᠪᠦᠯᠬᠦᠮᠳᠡᠨ ᠲᠡᠮᠡᠴᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠬᠤ︾ ᠪᠠᠷ ᠭᠤᠣᠯ ᠰᠡᠳᠦᠪ ᠪᠣᠯᠭᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠭᠦᠨ ᠠᠭᠤᠯᠤᠭᠳᠠᠬᠤᠨ ᠪᠠ ᠲᠡᠦᠬᠡ ᠶᠢᠨ ᠡᠬᠢ ᠰᠤᠷᠪᠤᠯᠵᠢ ᠶᠢ ᠭᠦᠨᠵᠡᠭᠡᠢ ᠲᠠᠶᠢᠯᠪᠤᠷᠢᠯᠠᠵᠤ ︽ᠵᠢᠷᠭᠤᠭᠠᠨ ᠦᠬᠦᠯᠡᠪᠦᠷᠢ  ᠶᠢᠨ ᠪᠣᠳᠠᠲᠤ ᠶᠠᠪᠤᠳᠠᠯ ᠪᠠ ᠶᠣᠰᠣ ᠤᠴᠢᠷ︾ ᠢ ᠲᠠᠶᠢᠯᠪᠤᠷᠢᠯᠠᠨ᠂ ᠨᠠᠮ ᠤᠨ ᠤᠳᠤᠷᠢᠳᠤᠯᠭ᠎ᠠ ᠳᠣᠣᠷᠠᠬᠢ ᠥᠪᠥᠷ ᠮᠣᠩᠭᠤᠯ ᠣᠷᠣᠨ ᠤ ᠪᠠᠶᠢᠭᠤᠯᠤᠭᠳᠠᠭᠰᠠᠨ ᠪᠠ ᠬᠥᠭᠵᠢᠭᠰᠡᠨ ᠥᠩᠭᠡᠷᠡᠯᠲᠡ ᠶᠢ ᠡᠷᠭᠢᠴᠡᠭᠦᠯᠵᠦ᠂ ᠨᠠᠮ ᠤᠨ ᠭᠡᠰᠢᠭᠦᠨ᠂ ᠤᠯᠠᠨ ᠲᠦᠮᠡᠨ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠶᠢᠨ ᠴᠢᠬᠤᠯᠠ ᠠᠴᠢ ᠬᠤᠯᠪᠣᠭᠳᠠᠯ ᠢ ᠨᠡᠩ ᠭᠦᠨᠵᠡᠭᠡᠢ ᠤᠶᠢᠯᠠᠭᠠᠭᠤᠯᠤᠨ᠂ ᠵᠢᠷᠭᠠᠯ ᠵᠣᠪᠠᠯᠠᠩ ᠢᠶᠠᠨ ᠬᠠᠮᠲᠤᠳᠬᠠᠬᠤ᠂  ᠠᠯᠳᠠᠷ ᠭᠤᠳᠤᠮᠰᠢᠭ ᠢᠶᠠᠨ ᠬᠠᠮᠳᠤᠳᠬᠠᠬᠤ᠂ ᠦᠬᠦᠯ ᠰᠡᠬᠡᠯ ᠢᠶᠠᠨ ᠬᠠᠮᠲᠤᠳᠬᠠᠬᠤ᠂ ᠬᠤᠪᠢ ᠵᠠᠶᠠᠭ᠎ᠠ ᠪᠠᠨ ᠬᠠᠮᠲᠤᠳᠬᠠᠬᠤ ᠬᠠᠮᠲᠤ ᠶᠢᠨ ᠴᠣᠭᠴᠠ ᠶᠢᠨ ᠣᠶᠢᠯᠠᠭᠠᠭᠳᠠᠬᠤᠨ ᠢ ᠤᠯᠠᠮ ᠪᠠᠳᠤᠳᠬᠠᠭᠰᠠᠨ ᠪᠠᠶᠢᠨ᠎ᠠ᠃ ᠠᠵᠢᠯᠲᠠᠳ ᠪᠠᠰᠠ ᠲᠡᠯᠬᠡᠬᠦᠷ ᠬᠤᠳᠠᠯᠳᠤᠭ᠎ᠠ᠂  ᠵᠡᠭᠡᠯᠢ ᠭᠤᠳᠤᠮᠵᠢ᠂ ᠱᠠᠰᠢᠨ ᠤ ᠲᠤᠭᠠᠩ ᠳᠤ ᠬᠦᠨᠵᠡᠬᠡᠶᠢᠷᠡᠵᠦ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠬᠠᠤᠯᠢ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠲᠦᠷᠢᠮ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠬᠠᠤᠯᠢ︾ ︽ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠠᠶᠢᠭᠤᠯᠬᠤ ᠶᠢ ᠠᠬᠢᠭᠤᠯᠬᠤ ᠲᠦᠷᠢᠮ︾ ︽ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠬᠠᠤᠯᠢ︾ ︽ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠲᠦᠷᠢᠮ︾ ᠵᠢᠴᠢ ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠯᠤᠭ᠎ᠠ ᠨᠢᠭᠲᠠ ᠬᠤᠯᠪᠣᠭ᠎ᠠ ᠪᠦᠬᠦ ᠬᠠᠤᠯᠢ ᠴᠠᠭᠠᠵᠠ ᠲᠦᠷᠢᠮ ᠲᠣᠭᠲᠠᠭᠠᠯ ᠤᠨ ᠮᠡᠳᠡᠯᠭᠡ ᠶᠢ ᠭᠤᠤᠯᠳᠠᠯᠭ᠎ᠠ ᠲᠠᠢ ᠤᠬᠠᠭᠤᠯᠪᠠ᠃ ᠡᠯ᠎ᠡ ᠲᠣᠰᠬᠤᠨ ᠤ ᠡᠮᠡᠭᠲᠡᠶᠢᠴᠦᠳ ᠤᠨ ᠬᠤᠯᠪᠣᠭ᠎ᠠ ᠨᠢ ᠪᠠᠰᠠ ᠦᠨᠳᠦᠰᠦᠲᠡᠨ ᠤ ᠲᠥᠷᠥ ᠶᠢᠨ ᠪᠣᠳᠣᠯᠭ᠎ᠠ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠮᠡᠳᠡᠯᠭᠡ ᠶᠢ ᠤᠬᠠᠭᠤᠯᠤᠨ ᠲᠠᠶᠢᠯᠪᠤᠷᠢᠯᠠᠵᠤ᠂ ᠨᠠᠮ ᠤᠨ ᠲᠥᠷᠥ ᠶᠢᠨ ᠪᠣᠳᠣᠯᠭ᠎ᠠ ᠶᠢᠨ ᠣᠨᠣᠯ ᠢ ᠲᠥᠬᠦᠮ ᠣᠶᠢᠯᠠᠭᠠᠮᠵᠢᠲᠠᠶ᠂ ᠠᠷᠠᠳ ᠤᠨ ᠠᠮᠢᠳᠤᠷᠠᠯ ᠲᠠᠢ ᠤᠶᠢᠷᠠᠳᠤᠭᠰᠠᠨ ᠠᠷᠭ᠎ᠠ  ᠬᠡᠯᠪᠡᠷᠢ ᠪᠠᠷ ᠣᠯᠠᠨ ᠲᠦᠮᠡᠨ ᠳᠤ ᠤᠯᠠᠮᠵᠢᠯᠠᠨ ᠲᠠᠮᠵᠢᠭᠤᠯᠵᠠᠢ᠃ ᠡᠨᠡ ᠤᠳᠠᠭᠠᠨ ᠤ ᠠᠵᠢᠯᠯᠠᠭ᠎ᠠ ᠨᠢ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠪᠠ ᠬᠠᠤᠯᠢ ᠲᠦᠷᠢᠮ ᠤᠨ ᠲᠤᠬᠠᠶ ᠣᠯᠠᠨ ᠲᠦᠮᠡᠨ ᠤ ᠲᠠᠨᠢᠯᠲᠠ ᠶᠢ ᠴᠢᠩᠭᠠᠳᠬᠠᠵᠤ᠂ ᠬᠠᠤᠯᠢ ᠶᠢ ᠬᠦᠨᠳᠦᠳᠬᠡᠬᠦ ᠬᠠᠤᠯᠢ ᠶᠢ ᠰᠤᠷᠤᠯᠴᠠᠬᠤ ᠬᠠᠤᠯᠢ ᠶᠢ ᠰᠠᠬᠢᠬᠤ ᠬᠠᠤᠯᠢ ᠶᠢ ᠬᠡᠷᠡᠭᠯᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠠᠬᠢᠭᠤᠯᠬᠤ᠂ ᠨᠡᠶᠢᠭᠡᠮ ᠤᠨ ᠡᠶ᠎ᠡ ᠵᠣᠬᠢᠴᠠᠯ ᠪᠠ ᠠᠮᠤᠷ ᠲᠣᠭᠲᠠᠭᠤᠨ ᠢ ᠬᠠᠮᠠᠭᠠᠯᠠᠬᠤ ᠳᠤ ᠪᠠᠲᠤ ᠪᠠᠬᠢ ᠬᠠᠤᠯᠢᠵᠢᠯ ᠤᠨ ᠰᠠᠭᠤᠷᠢ ᠶᠢ ᠲᠠᠯᠪᠢᠭᠰᠠᠨ ᠪᠠᠶᠢᠨ᠎ᠠ᠃
 
ᠢᠷᠡᠯᠲᠡ᠄ ᠴᠢᠶᠠᠨ ᠶᠢᠨ ᠭᠸᠦ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号