ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ — ᠬᠦᠨᠪᠤᠯᠠᠭ ᠰᠤᠮᠤ ᠪᠠ ᠪᠠᠶᠢᠴᠠᠭᠠᠬᠤ ᠬᠤᠷᠢᠶᠠᠨ ᠤ ᠬᠠᠮᠲᠤᠷᠠᠭᠰᠠᠨ ᠨᠠᠮ ᠤᠨ ᠡᠭᠦᠷ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠲᠤᠰᠬᠠᠶ ᠰᠡᠳᠦᠪᠲᠦ ᠬᠤᠷᠠᠯ ᠬᠢᠪᠡ
ᠨᠡᠶᠢᠲᠡᠯᠡᠭᠰᠡᠨ ᠴᠠᠭ᠄
2025/5/29
   ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠨᠠᠮ ᠤᠨ ᠭᠡᠰᠢᠭᠦᠨ ᠺᠠᠳ᠋ᠷᠴᠤᠳ ᠤᠨ ᠦᠨᠳᠦᠰᠦᠲᠡᠨ ᠤ ᠪᠦᠯᠬᠦᠮᠳᠡᠯ ᠤᠨ ᠤᠬᠠᠮᠰᠠᠷ ᠪᠠ ᠬᠠᠤᠯᠢ ᠪᠠᠷ ᠵᠠᠰᠠᠬᠤ ᠦᠵᠡᠯᠲᠡ ᠶᠢ ᠴᠢᠩᠭᠠᠳᠬᠠᠬᠤ ᠶᠢᠨ ᠲᠥᠯᠥᠭᠡ᠂ 5 ᠰᠠᠷ᠎ᠠ ᠶᠢᠨ 27 ᠤ ᠡᠳᠦᠷ ᠬᠦᠨᠪᠤᠯᠠᠭ ᠰᠤᠮᠤ ᠪᠠ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠦᠨᠳᠦᠰᠦᠳᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠬᠠᠮᠲᠤᠷᠠᠭᠰᠠᠨ ᠨᠠᠮ ᠤᠨ ᠡᠭᠦᠷ ᠨᠢ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ᠂ ᠦᠨᠳᠦᠰᠦᠲᠡᠨ ᠤ ᠬᠠᠤᠯᠢ ᠪᠠᠷ ᠵᠠᠰᠠᠬᠤ ᠤᠬᠠᠭᠤᠯᠭ᠎ᠠ ᠶᠢᠨ ᠭᠠᠷᠠᠭ ᠤᠨ ᠲᠤᠰᠬᠠᠢ ᠰᠡᠳᠦᠪᠲᠦ ᠬᠤᠷᠠᠯ ᠬᠤᠷᠠᠯᠳᠤᠭᠤᠯᠵᠤ᠂  ᠬᠠᠮᠳᠤᠷᠠᠭᠰᠠᠨ ᠨᠠᠮ ᠤᠨ ᠡᠭᠦᠷ ᠤᠨ ᠭᠡᠰᠢᠬᠦᠳ᠂ ᠰᠤᠮᠤᠨ ᠤ ᠺᠠᠳ᠋ᠷ ᠠᠵᠢᠯᠲᠠᠨ᠂ ᠡᠯ᠎ᠡ ᠭᠠᠴᠠᠭᠠᠨ ᠤ ᠨᠠᠮ ᠤᠨ ᠡᠭᠦᠷ ᠤᠨ ᠱᠦᠵᠢ ᠬᠤᠷᠠᠯ ᠳᠤ ᠤᠷᠤᠯᠴᠠᠪᠡ᠃ ᠬᠤᠷᠠᠯ ᠲᠡᠭᠡᠷ᠎ᠡ᠂ ᠰᠤᠮᠤᠨ ᠤ ᠨᠢᠭᠡᠳᠦᠮᠡᠯ ᠹᠷᠣᠨᠲ ᠤᠨ ᠭᠡᠰᠢᠭᠦᠨ ᠴᠢᠮᠡᠭᠰᠡᠨ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠲᠦᠷᠢᠮ︾ ᠢ ᠲᠠᠭᠠᠭᠤᠯᠤᠨ ᠰᠤᠷᠤᠯᠴᠠᠵᠤ᠂ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠠᠵᠢᠯᠳᠠᠨ ᠠᠴᠠ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭᠠᠨ ᠤ ᠲᠤᠭᠤᠷᠢᠨ ᠳᠤ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾ ︽ᠦᠨᠳᠦᠰᠦᠲᠡᠨ ᠤ ᠬᠠᠤᠯᠢ ᠪᠠᠷ ᠵᠠᠰᠠᠬᠤ ᠤᠬᠠᠭᠤᠯᠭ᠎ᠠ ᠶᠢᠨ ᠭᠠᠷᠠᠭ︾ ᠤᠨ  ᠭᠤᠤᠯ ᠰᠡᠳᠦᠪ ᠲᠠᠢ ᠤᠶᠠᠯᠳᠤᠭᠤᠯᠵᠤ᠂ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠢ ᠬᠦᠨᠵᠡᠬᠡᠶᠢᠷᠡᠬᠦᠯᠬᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠲᠤᠬᠠᠢ ᠬᠢᠴᠢᠶᠡᠯ ᠲᠠᠶᠢᠯᠤᠮᠵᠢ ᠬᠢᠭᠰᠡᠨ ᠪᠦᠭᠡᠳ ᠠᠶᠤᠯᠲᠠᠶ ᠪᠠᠷ ᠲᠡᠷᠭᠡ ᠵᠢᠯᠣᠭᠤᠳᠬᠤ ᠶᠢ ᠰᠡᠷᠭᠡᠶᠢᠯᠡᠬᠦ ᠲᠤᠬᠠᠢ ᠬᠠᠤᠯᠢ ᠶᠢᠨ ᠮᠡᠳᠡᠯᠭᠡ ᠶᠢ ᠤᠬᠠᠭᠤᠯᠵᠤ᠂ ᠲᠤᠰᠬᠠᠶ ᠮᠡᠷᠭᠡᠵᠢᠯ ᠤᠨ ᠲᠠᠯ᠎ᠠ ᠠᠴᠠ ᠬᠠᠮᠢᠶ᠎ᠠ ᠪᠥᠬᠦᠶ ᠬᠠᠤᠯᠢ ᠲᠦᠷᠢᠮ ᠢ ᠵᠠᠳᠠᠯᠤᠨ ᠲᠠᠶᠢᠯᠪᠤᠷᠢᠯᠠᠵᠠᠢ᠃ ᠬᠤᠷᠠᠯ ᠤᠨ ᠲᠠᠯᠠᠪᠠᠶ ᠳᠤ ᠪᠠᠰᠠ ᠬᠠᠤᠯᠢ ᠶᠢᠨ ᠵᠥᠪᠯᠡᠯᠭᠡ ᠶᠢᠨ ᠲᠠᠪᠴᠠᠩ ᠲᠤᠬᠢᠷᠠᠭᠤᠯᠵᠤ᠂ ᠬᠠᠤᠯᠢᠴᠢ ᠠᠴᠠ ᠣᠯᠠᠨ ᠲᠦᠮᠡᠨ ᠤ  ᠠᠰᠠᠭᠤᠵᠤ ᠯᠠᠪᠯᠠᠭᠰᠠᠨ ᠵᠦᠢᠯ ᠳᠤ ᠨᠠᠷᠢᠨ ᠲᠤᠳᠤᠷᠬᠠᠢ ᠬᠠᠷᠢᠭᠤᠯᠲᠠ ᠦᠭᠬᠦᠭᠰᠡᠨ ᠪᠦᠭᠡᠳ ᠬᠠᠤᠯᠢ ᠴᠠᠭᠠᠵᠠ ᠶᠢᠨ ᠨᠣᠮ ᠪᠢᠴᠢᠭ ᠲᠠᠷᠬᠠᠭᠠᠬᠤ᠂ ᠲᠤᠬᠠᠶ ᠶᠢᠨ ᠲᠠᠯᠠᠪᠠᠶ ᠳᠤ ᠤᠬᠠᠭᠤᠯᠭ᠎ᠠ ᠲᠠᠶᠢᠯᠤᠮᠵᠢ ᠬᠢᠬᠦ  ᠮᠡᠳᠦ ᠶᠢᠨ ᠠᠷᠭ᠎ᠠ ᠮᠠᠶ᠋ᠢᠭ ᠢᠶᠠᠷ ᠮᠠᠯᠴᠢᠨ ᠲᠠᠷᠢᠶᠠᠴᠢᠨ ᠤ ᠠᠵᠤ ᠠᠮᠢᠳᠤᠷᠠᠯ ᠯᠤᠭ᠎ᠠ ᠨᠢᠭᠲᠠ ᠬᠤᠯᠪᠣᠭ᠎ᠠ ᠪᠦᠬᠦᠢ ᠬᠠᠮᠢᠶ᠎ᠠ ᠪᠥᠬᠦᠶ ᠮᠡᠳᠡᠯᠭᠡ ᠶᠢ ᠲᠦᠭᠡᠮᠡᠯᠵᠢᠭᠦᠯᠵᠦ᠂  ᠦᠨᠳᠦᠰᠦᠲᠡᠨ ᠤ ᠲᠥᠷᠥ ᠶᠢᠨ ᠪᠣᠳᠣᠯᠭ᠎ᠠ ᠪᠠ ᠬᠠᠤᠯᠢ ᠲᠦᠷᠢᠮ ᠤᠨ ᠲᠤᠬᠠᠶ ᠣᠯᠠᠨ ᠲᠦᠮᠡᠨ ᠤ ᠲᠠᠨᠢᠨ ᠮᠡᠳᠡᠷᠡᠬᠦ ᠬᠢᠷᠢ ᠲᠦᠪᠰᠢᠨ ᠢ ᠳᠡᠭᠡᠭᠰᠢᠯᠡᠭᠦᠯᠪᠡ᠃ ᠬᠤᠷᠠᠯ ᠤᠨ ᠳᠠᠷᠠᠭ᠎ᠠ᠂ ᠬᠤᠰᠢᠭᠤᠨ ᠤ ᠪᠠᠶᠢᠴᠠᠭᠠᠬᠤ ᠬᠤᠷᠢᠶᠠᠨ ᠤ ᠨᠠᠮ ᠤᠨ ᠡᠭᠦᠷ ᠨᠢ ᠰᠤᠮᠤᠨ ᠤ ᠨᠠᠮ ᠤᠨ ᠡᠭᠦᠷ ᠲᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ ᠬᠠᠤᠯᠢ︾ ︽ᠢᠷᠭᠡᠨ ᠤ ᠬᠠᠤᠯᠢ ᠶᠢᠨ ᠪᠢᠴᠢᠭ︾ ︽ ᠵᠢᠱᠢᠶᠡᠴᠢ ᠦᠪᠡᠷᠳᠡᠭᠡᠨ ᠵᠠᠰᠠᠬᠤ ᠤᠷᠤᠨ ᠢ ᠪᠥᠬᠦ ᠲᠠᠯ᠎ᠠ ᠪᠠᠷ ᠪᠠᠶᠢᠭᠤᠯᠬᠤ ᠶᠢ ᠠᠬᠢᠭᠤᠯᠬᠤ ᠲᠦᠷᠢᠮ︾ ᠵᠡᠷᠭᠡ ᠨᠣᠮ ᠪᠢᠴᠢᠭ ᠢ ᠬᠦᠷᠭᠡᠪᠡ᠃
 
ᠢᠷᠡᠯᠲᠡ᠄ ᠬᠦᠨᠪᠤᠯᠠᠭ ᠰᠤᠮᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号