ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ — ᠬᠤᠩ ᠴᠢ ᠪᠠᠯᠭᠠᠰᠤ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/5/29
   ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠨ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠵᠤ᠂ ᠡᠶ᠎ᠡ ᠵᠣᠬᠢᠴᠠᠩᠭᠤᠶ ᠠᠮᠤᠷ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ ᠪᠣᠶ ᠪᠣᠯᠭᠠᠬᠤ ᠶᠢᠨ ᠲᠥᠯᠥᠭᠡ᠂ ᠣᠶᠢᠷ᠎ᠠ ᠳᠤ ᠬᠤᠩ ᠴᠢ ᠪᠠᠯᠭᠠᠰᠤ ᠨᠢ ᠡᠯ᠎ᠡ ᠲᠣᠰᠬᠤᠨ ᠢ ᠵᠣᠬᠢᠶᠠᠨ ᠪᠠᠶᠢᠭᠤᠯᠵᠤ ︽ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ ᠪᠦᠯᠬᠦᠮᠳᠡᠨ ᠲᠡᠮᠡᠴᠡᠬᠦ︾ ᠪᠠᠷ ᠭᠤᠤᠯ ᠰᠡᠳᠦᠪ ᠪᠤᠯᠭᠠᠭᠰᠠᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠠᠵᠢᠯᠯᠠᠭ᠎ᠠ ᠶᠢ ᠪᠥᠬᠦ ᠲᠠᠯ᠎ᠠ ᠪᠠᠷ ᠥᠷᠨᠢᠭᠦᠯᠪᠡ᠃ ᠡᠯ᠎ᠡ ᠲᠣᠰᠬᠤᠨ ᠤ ᠬᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠶᠢᠨ ᠴᠢᠬᠤᠯᠠ ᠴᠢᠨᠠᠷ᠂ ᠨᠠᠮ ᠤᠨ ᠬᠠᠤᠯᠢ ᠴᠠᠭᠠᠵᠠ ᠲᠦᠷᠢᠮ ᠲᠣᠭᠲᠠᠭᠠᠯ ᠵᠢᠴᠢ ᠨᠠᠮ ᠤᠨ ᠦᠨᠳᠦᠰᠦᠲᠡᠨ ᠤ ᠤᠨᠤᠯ ᠪᠣᠯᠤᠨ ᠲᠦᠷᠦ ᠶᠢᠨ ᠪᠤᠳᠤᠯᠭ᠎ᠠ ᠵᠡᠷᠭᠡ ᠠᠭᠤᠯᠭ᠎ᠠ ᠶᠢ ᠭᠤᠣᠯᠳᠠᠯᠭ᠎ᠠ ᠲᠠᠢ ᠤᠬᠠᠭᠤᠯᠵᠤ᠂ ᠪᠦᠬᠦ ᠪᠠᠯᠭᠠᠰᠤᠨ ᠤ ᠦᠨᠳᠦᠰᠦᠲᠡᠨ ᠨᠦᠭᠦᠳ ᠤᠨ ᠤᠯᠠᠨ ᠲᠦᠮᠡᠨ ᠢ ᠢᠳᠡᠪᠬᠢᠲᠡᠢ ᠪᠠᠷ ᠬᠦᠳᠦᠯᠦᠨ ᠵᠢᠯᠣᠭᠤᠳᠴᠤ ᠪᠠᠶᠢᠭᠠᠳ ︽ᠭᠤᠷᠪᠠᠨ ᠰᠠᠯᠵᠤ ᠴᠢᠳᠠᠰᠢ ᠦᠭᠡᠢ︾ ᠶᠢ ᠪᠠᠳᠤ ᠴᠡᠭᠡᠵᠢᠯᠡᠬᠦᠯᠦᠨ ︽ᠲᠠᠪᠤᠨ ᠬᠠᠮᠲᠤ ᠶᠢᠨ ᠲᠠᠨᠢᠯᠲᠠ︾ ᠶᠢ ᠴᠢᠩᠭᠠᠳᠬᠠᠭᠰᠠᠨ ᠪᠠᠶᠢᠨ᠎ᠠ᠃ ᠠᠵᠢᠯᠯᠠᠭ᠎ᠠ ᠥᠷᠨᠢᠭᠦᠯᠬᠦ ᠪᠠᠷ ᠲᠠᠮᠵᠢᠭᠠᠳ᠂ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠲᠤᠬᠠᠶ ᠤᠯᠠᠨ ᠲᠦᠮᠡᠨ ᠳᠤ ᠨᠠᠩ ᠭᠦᠨᠵᠡᠭᠡᠶ ᠤᠶᠢᠯᠠᠭᠠᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠣᠨᠣᠯᠵᠢᠬᠤᠨ ᠢ ᠬᠥᠮᠦᠰ ᠤᠨ ᠰᠡᠳᠬᠢᠯ ᠳᠤ ᠨᠠᠩ ᠭᠦᠨ  ᠬᠠᠳᠠᠩᠰᠢᠭᠤᠯᠵᠤ᠂ ᠡᠷᠬᠡ ᠲᠡᠭᠰᠢ᠂ ᠪᠦᠯᠬᠦᠮᠳᠡᠯ ᠲᠠᠢ᠂ ᠬᠠᠷᠢᠯᠴᠠᠨ ᠬᠠᠪᠰᠤᠷᠤᠯᠴᠠᠭᠰᠠᠨ᠂ ᠡᠶ᠎ᠡ ᠵᠣᠬᠢᠴᠠᠯ ᠲᠠᠢ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠤᠯᠠᠮ ᠦᠳᠭᠡᠷᠡᠬᠦᠯᠵᠡᠢ᠃ ᠲᠠᠷᠠᠭ᠎ᠠ ᠠᠯᠬᠤᠮ ᠳᠤ᠂ ᠬᠤᠩ ᠴᠢ  ᠪᠠᠯᠭᠠᠰᠤ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠪᠠᠷ ᠭᠤᠤᠯ ᠰᠢᠵᠢᠮ ᠪᠣᠯᠭᠠᠵᠤ᠂ ᠲᠣᠰ ᠤᠳᠠᠭᠠᠨ ᠤ ᠠᠵᠢᠯᠯᠠᠭ᠎ᠠ ᠪᠠᠷ ᠠᠵᠠ ᠲᠣᠬᠢᠶᠠᠯ ᠪᠤᠯᠭᠠᠨ᠂ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠬᠥᠮᠦᠵᠢᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ᠠᠵᠢᠯ ᠤᠨ ᠠᠷᠭ᠎ᠠ ᠬᠡᠯᠪᠡᠷᠢ ᠪᠠᠨ ᠲᠠᠰᠤᠷᠠᠯᠲᠠ ᠥᠬᠡᠶ ᠰᠢᠨᠡᠴᠢᠯᠡᠨ᠂ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠦᠨᠳᠦᠰᠦᠨ ᠱᠠᠲᠤᠨ ᠤ ᠵᠠᠰᠠᠯᠲᠠ ᠶᠢ ᠠᠬᠢᠭᠤᠯᠬᠤ ᠵᠡᠷᠭᠡ ᠠᠵᠢᠯ  ᠯᠤᠭ᠎ᠠ ᠣᠷᠭᠠᠨᠢᠭ ᠢᠶᠠᠷ ᠤᠶᠠᠯᠳᠤᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠤᠨ ᠭᠦᠨᠵᠡᠭᠡᠶᠢᠷᠡᠨ ᠬᠥᠭᠵᠢᠬᠦ ᠶᠢ ᠴᠢᠨᠠᠭᠰᠢᠳᠠ ᠠᠬᠢᠭᠤᠯᠬᠤ ᠪᠠᠷ ᠪᠠᠶᠢᠨ᠎ᠠ᠃
 
ᠢᠷᠡᠯᠲᠡ᠄ ᠬᠤᠩ ᠴᠢ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号