ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ | ᠨᠠᠮ ᠤᠨ ᠭᠡᠰᠢᠭᠦᠨ ᠺᠠᠳ᠋ᠷᠴᠤᠳ ᠤᠨ ᠠᠷᠢᠭᠤᠨ ᠴᠢᠬᠡᠴᠢ ᠪᠠᠷ ᠪᠡᠶ᠎ᠡ ᠪᠠᠨ ᠱᠠᠭᠠᠷᠳᠠᠬᠤ ᠤᠬᠠᠮᠰᠠᠷ ᠢ ᠤᠯᠠᠮ | ᠴᠢᠩᠭᠠᠳᠬᠠᠨ᠂ ᠢᠯᠵᠠᠷᠠᠯ ᠢ ᠡᠰᠡᠷᠭᠦᠴᠡᠬᠦ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠬᠦ ᠶᠢᠨ | ᠲᠥᠯᠥᠭᠡ᠂ 5 ᠰᠠᠷ᠎ᠠ ᠶᠢᠨ 27 ᠤ ᠡᠳᠦᠷ ᠪᠤᠤᠴᠠᠩ ᠪᠠᠯᠭᠠᠰᠤ ᠨᠢ ᠪᠠᠶᠢᠭᠤᠯᠭ᠎ᠠ ᠶᠢᠨ ᠨᠠᠮ ᠤᠨ ᠭᠡᠰᠢᠭᠦᠳ ᠢ | ᠵᠣᠬᠢᠶᠠᠨ ᠪᠠᠶᠢᠭᠤᠯᠵᠤ ᠬᠤᠰᠢᠭᠤᠨ ᠤ ᠭᠠᠯ ᠤᠨᠲᠠᠷᠠᠭᠠᠬᠤ ᠶᠡᠭᠡ ᠠᠩᠭᠢ ᠶᠢᠨ ᠴᠢᠬᠡᠴᠢ ᠵᠠᠰᠠᠭ ᠤᠨ ᠬᠥᠮᠦᠵᠢᠯ ᠤᠨ | ᠰᠠᠭᠤᠷᠢᠨ ᠭᠠᠵᠠᠷ ᠲᠤ ᠬᠦᠷᠴᠦ ︽ᠰᠤᠷᠲᠠᠯ ᠤᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ ᠰᠠᠬᠢᠯᠭ᠎ᠠ ᠪᠠᠲᠤ ᠶᠢᠨ | ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠬᠦ︾ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ᠃ | ᠨᠠᠮ ᠤᠨ ᠭᠡᠰᠢᠬᠦᠳ ᠡᠯ᠎ᠡ ᠦᠵᠡᠭᠦᠯᠭᠡ ᠶᠢᠨ ᠲᠣᠭᠤᠷᠢᠭ ᠢ ᠲᠣᠭᠤᠷᠢᠨ ᠦᠵᠡᠵᠦ᠂ ᠲᠠᠶᠢᠯᠪᠤᠷᠢ ᠲᠠᠨᠢᠯᠴᠠᠭᠤᠯᠭ᠎ᠠ | ᠶᠢ ᠰᠤᠨᠤᠰᠬᠤ ᠪᠠᠷ ᠲᠠᠮᠵᠢᠭᠠᠳ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠵᠦᠷᠢᠴᠡᠬᠦ᠂ | ᠰᠠᠬᠢᠯᠭ᠎ᠠ ᠪᠠᠲᠤ ᠶᠢᠨ ᠬᠤᠷᠢᠭ᠎ᠠ ᠱᠤᠭᠤᠮ ᠳᠤ ᠬᠠᠯᠳᠠᠬᠤ ᠶᠢᠨ ᠬᠦᠨᠳᠦ ᠨᠣᠴᠢᠲᠠᠶ ᠦᠷ᠎ᠡ ᠳ᠋ᠦᠩ ᠢ ᠭᠦᠨᠵᠡᠭᠡᠶ | ᠲᠠᠨᠢᠵᠠᠭᠠᠬᠰᠠᠨ ᠪᠠᠶᠢᠨ᠎ᠠ᠃ ᠨᠠᠮ ᠤᠨ ᠬᠡᠰᠢᠬᠦᠳ ᠢᠯᠡᠷᠭᠡᠶᠢᠯᠡᠬᠦ ᠳᠡᠭᠡᠨ᠂ ᠲᠥᠪ ᠤᠨ ᠨᠠᠢᠮᠠᠨ ᠲᠣᠭᠲᠠᠭᠠᠯ ᠤᠨ ᠵᠣᠷᠢᠭ | ᠰᠠᠨᠠᠭ᠎ᠠ ᠶᠢ ᠬᠦᠨᠵᠡᠬᠡᠢ ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠢᠶᠠᠷ ᠠᠵᠠ ᠲᠣᠬᠢᠶᠠᠯ ᠪᠣᠯᠭᠠᠵᠤ᠂ ᠬᠡᠷᠡᠭ ᠢᠶᠠᠷ | ᠲᠣᠯᠢ ᠪᠤᠯᠭᠠᠨ᠂ ᠬᠥᠮᠦᠨ ᠢᠶᠠᠷ ᠲᠣᠯᠢ ᠪᠣᠯᠭᠠᠵᠤ᠂ ᠴᠠᠭ ᠢᠮᠠᠭᠲᠠ ᠰᠡᠷᠡᠮᠵᠢ ᠲᠠᠢ ᠪᠠᠶᠢᠵᠠᠭᠠᠨ᠂ ᠰᠠᠬᠢᠯᠭ᠎ᠠ | ᠪᠠᠲᠤ ᠶᠢᠨ ᠬᠤᠷᠢᠭ᠎ᠠ ᠱᠤᠭᠤᠮ ᠢ ᠴᠢᠩᠭ᠎ᠠ ᠰᠠᠬᠢᠵᠤ᠂ ᠮᠠᠭᠤ ᠮᠠᠭᠤᠬᠠᠢ ᠬᠡᠪ ᠰᠤᠷᠲᠠᠯ ᠢ ᠤᠬᠠᠮᠰᠠᠷ ᠠᠴᠠ ᠪᠠᠨ | ᠡᠰᠡᠷᠭᠦᠴᠡᠨ᠂ ᠡᠪ ᠬᠠᠮᠲᠤᠴᠤᠳ ᠤᠨ ᠠᠷᠢᠭᠤᠨ ᠴᠢᠬᠡᠴᠢ ᠤᠯᠤᠰ ᠲᠥᠷᠥ ᠶᠢᠨ ᠤᠤᠷ ᠴᠢᠨᠠᠷ ᠢ ᠡᠭᠦᠷᠢᠳᠡ | ᠪᠠᠲᠤᠯᠠᠵᠤ᠂ ᠰᠤᠷᠲᠠᠯ ᠤᠨ ᠪᠠᠶᠢᠭᠤᠯᠤᠯᠲᠠ ᠶᠢᠨ ᠭᠦᠨᠵᠡᠭᠡᠶᠢᠷᠡᠨ ᠪᠣᠳᠠᠲᠠᠶᠢᠵᠢᠬᠤ ᠶᠢ ᠴᠢᠨᠠᠬᠰᠢᠳᠠ ᠠᠬᠢᠭᠤᠯᠤᠨ᠎ᠠ | ᠭᠡᠵᠡᠭᠡᠪᠡ᠃ ᠳᠠᠷᠠᠭᠠᠴᠢ ᠶᠢᠨ ᠠᠯᠬᠤᠮ ᠳᠤ᠂ ᠪᠤᠤᠴᠠᠩ ᠪᠠᠯᠭᠠᠰᠤ ᠨᠢ ᠲᠥᠪ ᠤᠨ ᠨᠠᠢᠮᠠᠨ ᠲᠣᠭᠲᠠᠭᠠᠯ ᠤᠨ ᠵᠣᠷᠢᠭ | ᠰᠠᠨᠠᠭ᠎ᠠ ᠶᠢ ᠭᠦᠨᠵᠡᠭᠡᠢ ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠲᠠᠢ ᠤᠶᠠᠯᠳᠤᠭᠤᠯᠤᠨ᠂ ᠰᠤᠷᠲᠠᠯ ᠤᠨ | ᠪᠠᠶᠢᠭᠤᠯᠤᠯᠲᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠪᠦᠬᠦ ᠨᠠᠮ ᠤᠨ ᠭᠡᠰᠢᠭᠦᠨ ᠺᠠᠳ᠋ᠷᠴᠤᠳ ᠢ ᠬᠥᠮᠦᠵᠢᠭᠦᠯᠦᠨ | ᠵᠢᠯᠣᠭᠤᠳᠴᠤ ᠪᠠᠶᠢᠭᠠᠳ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠨ᠂ ᠦᠵᠡᠯ ᠰᠠᠨᠠᠭ᠎ᠠ ᠪᠠᠨ ᠨᠢᠭᠡᠳᠬᠡᠵᠦ᠂ ᠦᠢᠯᠡ | ᠠᠵᠢᠯᠯᠠᠭ᠎ᠠ ᠪᠠᠨ ᠨᠢᠭᠡᠳᠬᠡᠵᠦ᠂ ᠲᠠᠷᠢᠬᠢ ᠲᠣᠯᠣᠭᠠᠢ ᠪᠠᠨ ᠴᠠᠭ ᠢᠮᠠᠭᠲᠠ ᠰᠡᠷᠭᠡᠭ ᠪᠠᠶᠢᠯᠭᠠᠨ᠂ ᠢᠯᠵᠢᠷᠡᠯ ᠢ | ᠡᠰᠡᠷᠭᠦᠴᠡᠬᠦ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠴᠤᠭᠴᠠᠯᠠᠬᠤ ᠪᠠᠷ ᠪᠠᠶᠢᠨ᠎ᠠ᠃ |