ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠬᠢᠨ ᠨᠡᠶᠢᠭᠡᠮ ᠤᠨ ᠬᠠᠷᠢᠭᠤᠴᠠᠯᠭ᠎ᠠ ᠪᠠᠨ ᠦᠢᠯᠡᠳᠦᠯᠬᠡᠵᠢᠬᠦᠯᠦᠨ᠎ᠡ
ᠨᠡᠶᠢᠲᠡᠯᠡᠭᠰᠡᠨ ᠴᠠᠭ᠄
2025/5/6
    ᠤᠶᠢᠷ᠎ᠠ ᠶᠢᠨ ᠵᠢᠯ ᠳᠤ᠂  ᠲᠠᠶᠢᠹᠤᠰᠧ ᠬᠤᠰᠢᠭᠤᠨ ᠤ ᠠᠷᠠᠳ ᠠᠴᠠ ᠡᠵᠡᠩᠨᠡᠭᠰᠡᠨ ᠠᠵᠤ ᠠᠬᠤᠶᠢᠯᠠᠯ   ᠤᠳ  ᠨᠢ ᠠᠵᠢᠯ ᠤᠨ ᠪᠠᠶᠢᠷᠢ ᠬᠠᠩᠭᠠᠬᠤ᠂ ᠵᠣᠭᠤᠰ ᠮᠥᠩᠭᠦ ᠡᠳ᠋ ᠪᠣᠳᠠᠰ ᠬᠠᠨᠳᠢᠪᠯᠠᠬᠤ ᠵᠡᠷᠭᠡ ᠣᠯᠠᠨ ᠵᠦᠢᠯ ᠤᠨ ᠠᠷᠭ᠎ᠠ ᠬᠡᠯᠪᠡᠷᠢ ᠪᠠᠷ ᠨᠡᠶᠢᠳᠡ ᠶᠢᠨ ᠠᠰᠠᠷᠠᠮᠵᠢ ᠶᠢᠨ ᠦᠢᠯᠡᠰ ᠲᠤ ᠢᠳᠡᠪᠬᠢᠳᠡᠢ ᠤᠷᠤᠯᠴᠠᠵᠠᠭᠠᠵᠤ᠂ ᠬᠤᠰᠢᠭᠤ ᠨᠤᠳᠤᠭ ᠤᠨ ᠠᠵᠤ ᠠᠬᠤᠢ ᠨᠡᠶᠢᠬᠡᠮ ᠤᠨ ᠬᠥᠭᠵᠢᠯᠲᠡ ᠪᠠ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠳᠤ ᠬᠦᠴᠦᠨ ᠴᠢᠳᠠᠯ  ᠢᠶᠠᠨ  ᠡᠷᠬᠦᠵᠦ ᠢᠷᠡᠵᠡᠢ᠃       ᠸᠠᠩ ᠵᠠᠨ ᠶᠢᠨ ᠪᠣᠯ ᠲᠠᠯ᠎ᠠ ᠨᠤᠲᠤᠭ ᠠᠷᠢᠬᠢ ᠨᠡᠷᠡᠬᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ ᠠᠷᠪᠠᠭᠠᠳ ᠵᠢᠯ ᠠᠵᠢᠯᠯᠠᠭᠰᠠᠨ ᠠᠵᠢᠯᠴᠢᠨ ᠪᠤᠯᠤᠨ᠎ᠠ᠃ ᠠᠷᠪᠠᠭᠠᠳ ᠵᠢᠯ ᠤᠨ ᠲᠤᠷᠰᠢ᠂ ᠲᠣᠭᠲᠠᠪᠤᠷᠢᠵᠢᠭᠰᠠᠨ ᠣᠷᠣᠯᠭ᠎ᠠ ᠪᠣᠯᠣᠨ ᠲᠡᠭᠦᠯᠳᠡᠷᠵᠢᠭᠰᠡᠨ ᠪᠠᠳᠤᠯᠠᠭ᠎ᠠ ᠨᠢ ᠲᠡᠭᠦᠨ ᠤ ᠠᠮᠢᠳᠤᠷᠠᠯ ᠤᠨ ᠬᠦᠴᠢᠷᠳᠡᠯ ᠢ ᠤᠯᠠᠮ ᠪᠠᠭᠠᠰᠬᠠᠵᠠᠢ᠃  ᠸᠠᠩ ᠵᠠᠨ ᠶᠢᠨ ᠰᠤᠷᠪᠤᠯᠵᠢᠯᠠᠭᠴᠢ ᠳᠤ ᠬᠡᠯᠡᠬᠦ ᠳᠡᠭᠡᠨ᠄ ︽ᠮᠠᠨ ᠤ ᠦᠢᠯᠡᠳᠪᠦᠷᠢ ᠨᠢ ᠴᠠᠯᠢᠩ ᠬᠦᠯᠦᠰᠦ ᠶᠢ ᠲᠣᠭᠲᠠᠭᠰᠠᠨ ᠴᠠᠭ  ᠲᠠᠭᠠᠨ ᠲᠠᠯᠪᠢᠨ᠎ᠠ᠂ ᠨᠡᠶᠢᠬᠡᠮ ᠤᠨ ᠲᠠᠭᠠᠳᠬᠠᠯ ᠳᠤ ᠤᠷᠤᠯᠴᠠᠬᠤ ᠰᠦᠢᠳᠭᠡᠯ ᠮᠦᠩᠬᠦ ᠪᠠ ᠰᠠᠨᠠᠭᠠᠨ ᠳᠤ ᠥᠬᠡᠶ ᠤᠰᠤᠯ ᠠᠳᠡᠯ ᠤᠨ ᠲᠠᠭᠠᠳᠬᠠᠯ ᠳᠤ ᠤᠷᠤᠯᠴᠠᠬᠤ ᠰᠦᠢᠳᠬᠡᠯ ᠮᠦᠩᠬᠦ ᠶᠢ ᠴᠤ ᠦᠢᠯᠡᠳᠪᠦᠷᠢ ᠠᠴᠠ  ᠤᠷᠤᠯᠠᠨ ᠲᠤᠰᠢᠶᠠᠨ᠎ᠠ᠃  ᠠᠮᠢᠳᠤᠷᠠᠯ ᠨᠢ ᠬᠦᠴᠢᠷᠳᠡᠯᠲᠡᠶ ᠠᠵᠢᠯᠴᠢᠳ ᠤᠨ ᠦᠷ᠎ᠡ ᠬᠡᠤᠬᠡᠳ ᠨᠢ ᠶᠡᠭᠡ ᠰᠤᠷᠭᠠᠭᠤᠯᠢ ᠳᠤ ᠤᠷᠤᠪᠠᠯ ᠪᠠᠰᠠ ᠰᠤᠷᠤᠯᠭ᠎ᠠ ᠶᠢᠨ ᠲᠡᠳᠬᠦᠮᠵᠢ ᠶᠢᠨ ᠮᠥᠩᠭᠦ ᠤᠯᠭᠤᠵᠤ ᠪᠤᠢ᠃ ᠡᠶᠢᠮᠦ ᠰᠠᠶᠢᠨ ᠦᠢᠯᠡᠳᠪᠦᠷᠢ ᠳᠤ  ᠠᠵᠢᠯᠯᠠᠭᠰᠠᠨ ᠨᠢ ᠨᠠᠳᠠ ᠮᠠᠰᠢ ᠠᠵᠠ ᠲᠠᠢ ᠰᠠᠨᠠᠭᠳᠠᠵᠤ᠂ ᠴᠠᠭ ᠢᠮᠠᠭᠳᠠ ᠴᠢᠷᠮᠠᠶᠢᠨ ᠠᠵᠢᠯᠯᠠᠬᠤ ᠢᠳᠡᠭᠡᠯ ᠵᠤᠷᠢᠭ ᠢ ᠮᠢᠨᠢ ᠬᠦᠪᠴᠢᠯᠡᠭᠡᠳ ᠪᠠᠶᠢᠳᠠᠭ ᠶᠤᠮ  ︾ ᠬᠡᠯ᠎ᠡ᠃     ᠤᠷᠤᠨ ᠨᠤᠲᠤᠭ ᠤᠨ ᠨᠡᠷᠡᠳᠦ ᠠᠵᠤ ᠠᠬᠤᠶᠢᠯᠠᠯ ᠪᠣᠯᠤᠭᠰᠠᠨ ᠤ ᠬᠤᠪᠢ ᠳᠤ᠂  ᠲᠠᠯ᠎ᠠ ᠨᠤᠲᠤᠭ ᠠᠷᠢᠬᠢ ᠨᠡᠷᠡᠬᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠬᠢᠨ ᠨᠡᠶᠢᠭᠡᠮ ᠤᠨ ᠬᠠᠷᠢᠭᠤᠴᠠᠯᠭ᠎ᠠ ᠪᠠᠨ ᠢᠳᠡᠪᠬᠢᠲᠡᠢ ᠭᠦᠢᠴᠡᠳᠬᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠵᠦ᠂ ᠦᠢᠯᠡᠳᠪᠦᠷᠢ ᠶᠢᠨ ᠢᠶᠠᠨ ᠳᠠᠭᠠᠯᠲᠠ ᠪᠦᠳᠦᠭᠡᠭᠳᠡᠬᠦᠨ ᠪᠤᠯᠬᠤ ᠠᠷᠢᠬᠢᠨ ᠤ ᠰᠢᠭᠠᠷᠤ ᠶᠢ ᠲᠤᠬᠠᠢ ᠶᠢᠨ ᠭᠠᠵᠠᠷ ᠤᠨ ᠢᠶᠠᠨ ᠲᠡᠵᠢᠭᠡᠨ ᠦᠷᠡᠵᠢᠭᠦᠯᠬᠦ ᠡᠷᠦᠬᠡ ᠳᠤ ᠬᠢᠮᠳᠠ ᠦᠨ᠎ᠡ ᠪᠠᠷ ᠪᠣᠷᠣᠯᠠᠭᠤᠯᠵᠤ᠂ ᠲᠡᠵᠢᠭᠡᠨ ᠦᠷᠡᠵᠢᠭᠦᠯᠬᠦ ᠡᠷᠦᠬᠡ ᠶᠢᠨ ᠲᠡᠵᠢᠭᠡᠯ ᠪᠣᠷᠳᠤᠭ᠎ᠠ ᠳᠤᠲᠠᠭᠳᠠᠵᠤ ᠪᠠᠶᠢᠭ᠎ᠠ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠭᠰᠡᠨ ᠪᠠᠶᠢᠨ᠎ᠠ᠃     ᠲᠠᠯ᠎ᠠ ᠨᠤᠲᠤᠭ ᠠᠷᠢᠬᠢ ᠨᠡᠷᠡᠬᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠨᠠᠮ ᠤᠨ ᠡᠭᠦᠷ ᠤᠨ ᠳᠡᠳ᠋ ᠱᠦᠵᠢ ᠯᠢ ᠮᠤᠤ᠄ ︽ᠮᠠᠨ ᠤ ᠦᠢᠯᠡᠳᠪᠦᠷᠢ ᠨᠢ  900 ᠭᠠᠷᠤᠶ ᠠᠵᠢᠯᠴᠢᠨ ᠠᠵᠢᠯᠳᠠᠨ ᠳᠠᠭᠠᠨ ᠪᠦᠷ ᠨᠡᠶᠢᠭᠡᠮ ᠤᠨ ᠳᠠᠭᠠᠳᠬᠠᠯ ᠳᠤ ᠤᠷᠤᠯᠴᠠᠬᠤ ᠰᠦᠢᠳᠬᠡᠯ ᠤᠨ ᠮᠦᠩᠬᠦ ᠶᠢ ᠨᠢ ᠤᠷᠤᠯᠠᠨ ᠲᠤᠰᠢᠶᠠᠵᠤ ᠦᠭᠳᠡᠭ᠃ ᠠᠷᠢᠬᠢᠨ ᠤ ᠰᠢᠭᠠᠷᠤ ᠶᠢ ᠪᠤᠯ ᠵᠠᠬ᠎ᠠ ᠳᠡᠯᠭᠡᠭᠦᠷ ᠤᠨ ᠦᠨ᠎ᠡ ᠠᠴᠠ ᠬᠢᠮᠳᠠ ᠬᠠᠷᠠᠭᠠᠯᠵᠠᠯ ᠤᠨ ᠦᠨ᠎ᠡ ᠪᠠᠷ ᠲᠡᠵᠢᠭᠡᠨ ᠦᠷᠡᠵᠢᠭᠦᠯᠬᠦ ᠡᠷᠦᠬᠡ ᠳᠤ ᠬᠤᠳᠠᠯᠳᠤᠨ ᠦᠭᠬᠦ ᠶᠢᠨ ᠬᠠᠮᠳᠤ ᠦᠨ᠎ᠡ ᠲᠦᠯᠦᠪᠦᠷᠢ ᠦᠬᠡᠢ ᠪᠠᠷ ᠭᠡᠷ ᠲᠤᠨᠢ ᠬᠦᠷᠭᠡᠵᠦ ᠦᠭᠬᠦᠨ᠎ᠡ᠃ ᠳᠠᠷᠠᠭᠠᠴᠢ ᠶᠢᠨ ᠠᠯᠬᠤᠮ ᠳᠤ ᠪᠢᠳᠡ ᠡᠵᠡᠩᠨᠡᠯᠲᠡ ᠪᠠᠨ ᠦᠷᠭᠦᠯᠵᠢᠯᠡᠨ ᠰᠠᠶᠢᠵᠢᠷᠠᠭᠤᠯᠵᠤ᠂ ᠨᠡᠶᠢᠭᠡᠮ ᠤᠨ ᠬᠠᠷᠢᠭᠤᠴᠠᠯᠭ᠎ᠠ ᠶᠢ ᠤᠯᠠᠮ ᠬᠢᠨᠠᠮᠠᠭᠠᠢ ᠬᠦᠢᠴᠡᠳᠭᠡᠨ᠂ ᠨᠡᠶᠢᠲᠡ ᠶᠢᠨ ᠠᠰᠠᠷᠠᠮᠵᠢ ᠶᠢᠨ ᠦᠢᠯᠡᠰ ᠲᠤ ᠬᠦᠴᠦᠨ ᠴᠢᠳᠠᠯ ᠢᠶᠠᠨ ᠡᠷᠭᠦᠨ᠎ᠡ︾ ᠭᠡᠪᠡ᠃     ᠤᠶᠢᠷ᠎ᠠ ᠶᠢᠨ ᠵᠢᠯ ᠳᠤ᠂  ᠲᠠᠶᠢᠹᠤᠰᠧ ᠬᠤᠰᠢᠭᠤ ᠨᠢ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠬᠦᠯᠵᠦ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠳ ᠲᠤ ᠠᠮᠤᠷ ᠲᠣᠭᠲᠠᠭᠤᠨ ᠡᠶ᠎ᠡ ᠵᠣᠬᠢᠴᠠᠯ ᠲᠠᠢ ᠬᠥᠭᠵᠢᠯᠲᠡ ᠶᠢᠨ ᠣᠷᠴᠢᠨ ᠨᠦᠬᠦᠴᠡᠯ ᠢ ᠬᠠᠩᠭᠠᠭᠰᠠᠨ ᠢᠶᠠᠷ᠂ ᠠᠷᠠᠳ ᠠᠴᠠ ᠡᠵᠡᠩᠨᠡᠯᠲᠡ ᠶᠢᠨ ᠠᠵᠤ ᠠᠬᠤᠶᠢᠯᠠᠯ ᠤᠳ ᠨᠢ ᠴᠤ ᠥᠪᠡᠷ ᠤᠨ ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠬᠦ ᠶᠢᠨ ᠬᠠᠮᠳᠤ ᠨᠡᠶᠢᠭᠡᠮ ᠤᠨ ᠬᠠᠷᠢᠭᠤᠴᠠᠯᠭ᠎ᠠ ᠶᠢ ᠢᠳᠡᠪᠬᠢᠲᠡᠢ ᠡᠭᠦᠷᠭᠡᠯᠡᠵᠦ᠂  ᠠᠵᠤ ᠦᠢᠯᠡᠰ ᠢᠶᠠᠨ ᠬᠦᠴᠦᠷᠬᠡᠭᠵᠢᠭᠦᠯᠬᠦ ᠶᠢᠨ ᠬᠠᠮᠳᠤ ᠤᠯᠠᠨ ᠢ ᠲᠠᠭᠠᠭᠤᠯᠤᠨ ᠪᠠᠶᠠᠵᠢᠬᠤ ᠶᠢ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠥᠷᠨᠢᠭᠦᠯᠬᠦ᠂ ᠬᠡᠯᠪᠡᠷᠢ ᠶᠢ ᠬᠤᠪᠢᠷᠠᠭᠤᠯᠤᠨ ᠬᠦᠭᠵᠢᠯᠳᠡ ᠶᠢ ᠲᠦᠷᠭᠡᠳᠬᠡᠬᠦ ᠳᠤ ᠢᠳᠡᠪᠬᠢᠲᠡᠢ ᠣᠷᠣᠯᠴᠠᠵᠤ᠂ ᠰᠠᠨᠠᠭᠠᠴᠢᠯᠠᠭ᠎ᠠ ᠠᠴᠠ ᠪᠠᠨ ᠴᠢᠷᠮᠠᠶᠢᠯᠭ᠎ᠠ ᠭᠠᠷᠭᠠᠬᠤ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠬᠦ ᠠᠮᠢᠳᠤᠯᠢᠭ ᠦᠢᠯᠡᠳᠦᠯᠭᠡ ᠪᠠᠷ ᠢᠶᠠᠨ ᠲᠠᠶᠢᠹᠤᠰᠧ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠴᠢᠳᠠᠯ ᠢᠶᠠᠨ ᠨᠡᠮᠡᠷᠢᠯᠡᠵᠦ ᠪᠤᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号