ᠯᠢ ᠴᠢᠶᠠᠩ ᠼᠠᠢ ᠴᠢ ᠬᠤᠷᠠᠯ ᠳᠤ ᠣᠷᠣᠯᠴᠠᠪᠠ | ᠰᠢᠨᠬᠤᠸᠠ ᠬᠤᠷᠢᠶ᠎ᠠ ᠶᠢᠨ ᠱᠠᠩᠬᠠᠢ ᠶᠢᠨ 4 ᠰᠠᠷ᠎ᠠ ᠶᠢᠨ 30 ᠤ ᠴᠠᠬᠢᠯᠭᠠᠨ ᠮᠡᠳᠡᠭᠡ | ᠲᠤᠮᠳᠠᠲᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠤᠩᠬᠡᠢ ᠱᠦᠵᠢ᠂ ᠤᠯᠤᠰ ᠤᠨ | ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ 30 ᠤ ᠦᠳᠡ ᠶᠢᠨ | ᠡᠮᠤᠨ᠎ᠠ ᠱᠠᠩᠬᠠᠢ ᠳᠤ ᠭᠡᠰᠡᠭ ᠮᠤᠵᠢ ᠣᠷᠣᠨ ᠬᠤᠳᠠ ᠶᠢᠨ ︽ᠠᠷᠪᠠᠨ ᠲᠠᠪᠤᠳᠤᠭᠠᠷ ᠲᠠᠪᠤᠨ ᠵᠢᠯ︾ ᠤᠨ | ᠲᠦᠯᠤᠪᠵᠢᠭᠦᠯᠭᠡ ᠶᠢᠨ ᠬᠤᠭᠤᠴᠠᠭᠠᠨ ᠳᠠᠬᠢ ᠠᠵᠤ ᠠᠬᠤᠢ ᠨᠡᠶᠢᠭᠡᠮ ᠤᠨ ᠬᠥᠭᠵᠢᠯᠲᠡ ᠶᠢ ᠶᠠᠷᠢᠯᠴᠠᠬᠤ ᠬᠤᠷᠠᠯ ᠢ ᠡᠷᠬᠢᠯᠡᠨ | ᠬᠤᠷᠠᠯᠳᠤᠭᠤᠯᠤᠭᠰᠠᠨ ᠪᠥᠭᠡᠳ ᠴᠢᠬᠤᠯᠠ ᠶᠠᠷᠢᠶ᠎ᠠ ᠲᠠᠯᠪᠢᠵᠠᠢ᠃ ᠲᠡᠷᠡ᠂ ᠡᠨᠡ ᠵᠢᠯ ᠪᠣᠯ ︽ᠠᠷᠪᠡᠨ ᠳᠥᠷᠪᠡᠳᠦᠭᠡᠷ ᠲᠠᠪᠤᠨ | ᠵᠢᠯ︾ ᠤᠨ ᠲᠦᠯᠤᠪᠵᠢᠭᠦᠯᠭᠡ ᠶᠢᠨ ᠰᠡᠭᠦᠯ ᠬᠤᠷᠢᠶᠠᠬᠤ ᠵᠢᠯ ᠪᠣᠯᠣᠨ᠎ᠠ᠂ ᠲᠦᠯᠤᠪᠵᠢᠭᠦᠯᠭᠡ ᠶᠢᠨ ᠬᠠᠷᠠᠯᠲᠠ ᠡᠭᠦᠷᠭᠡ ᠶᠢ | ᠱᠠᠯᠠᠪᠳᠡᠨ ᠨᠡᠶᠢᠲᠡᠪᠤᠷᠢᠵᠢᠭᠤᠯᠬᠤ ᠶᠢᠨ ᠬᠠᠮᠲᠤ ᠪᠠᠶᠢᠳᠠᠯ ᠤᠨ ᠬᠤᠪᠢᠷᠠᠯᠲᠠ ᠳᠤ ᠵᠣᠬᠢᠴᠠᠭᠤᠯᠤᠨ᠂ ᠪᠠᠶᠢᠯᠳᠤᠬᠤ | ᠪᠤᠳᠤᠯᠭ᠎ᠠ ᠶᠢᠨ ᠭᠤᠣᠯᠳᠠᠯᠭ᠎ᠠ ᠶᠢ ᠡᠵᠡᠮᠳᠠᠵᠤ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠲᠦᠯᠤᠪᠵᠢᠭᠦᠯᠭᠡ ᠶᠢᠨ | ᠬᠤᠭᠤᠴᠠᠭᠠᠨ ᠳᠠᠬᠢ ᠠᠵᠤ ᠠᠬᠤᠢ ᠨᠡᠶᠢᠭᠡᠮ ᠤᠨ ᠬᠥᠭᠵᠢᠯᠲᠡ ᠶᠢ ᠰᠢᠨᠵᠢᠯᠡᠬᠦ ᠤᠬᠠᠭᠠᠨᠴᠢ ᠪᠠᠷ ᠰᠠᠶᠢᠲᠤᠷ ᠤᠬᠠᠭᠠᠯᠠᠨ | ᠲᠦᠯᠥᠪᠯᠡᠬᠦ ᠬᠡᠷᠡᠭᠳᠡᠢ ᠭᠡᠵᠦ ᠴᠢᠬᠤᠯᠠᠴᠢᠯᠡᠪᠠ᠃ | | 4 ᠰᠠᠷ᠎ᠠ ᠶᠢᠨ 30 ᠤ ᠦᠳᠡ ᠶᠢᠨ ᠡᠮᠤᠨ᠎ᠡ᠂ ᠳᠤᠮᠳᠠᠲᠤ ᠤᠯᠤᠰ ᠤᠨ ᠡᠪ ᠬᠠᠮᠲᠤ ᠨᠠᠮ ᠤᠨ ᠲᠥᠪ | ᠬᠤᠷᠢᠶ᠎ᠠ ᠶᠢᠨ ᠶᠡᠷᠤᠩᠬᠡᠢ ᠰᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ | ᠲᠡᠷᠢᠭᠦᠯᠡᠭᠴᠢ ᠰᠢ ᠶᠢᠨ ᠫᠢᠩ ᠱᠠᠬᠠᠢ ᠳᠤ ᠬᠡᠰᠡᠭ ᠮᠤᠵᠢ ᠤᠷᠣᠨ ᠬᠤᠳᠠ ᠶᠢᠨ ︽ᠠᠷᠪᠠᠨ ᠲᠠᠪᠤᠳᠤᠭᠠᠷ ᠲᠠᠪᠤᠨ ᠵᠢᠯ︾ ᠤᠨ | ᠲᠦᠯᠤᠪᠵᠢᠭᠦᠯᠭᠡ ᠶᠢᠨ ᠬᠤᠭᠤᠴᠠᠭᠠᠨ ᠳᠠᠬᠢ ᠠᠵᠤ ᠠᠬᠤᠢ ᠨᠡᠶᠢᠭᠡᠮ ᠤᠨ ᠬᠥᠭᠵᠢᠯᠲᠠ ᠶᠢ ᠶᠠᠷᠢᠯᠴᠠᠬᠤ ᠬᠤᠷᠠᠯ ᠢ ᠡᠷᠬᠢᠯᠡᠨ | ᠬᠤᠷᠠᠯᠳᠤᠭᠤᠯᠤᠭᠰᠠᠨ ᠪᠦᠭᠡᠳ ᠴᠢᠬᠤᠯᠠ ᠶᠠᠷᠢᠶ᠎ᠠ ᠲᠠᠯᠪᠢᠪᠠ᠃ | ᠰᠢᠠᠬᠤᠸᠠ ᠬᠤᠷᠢᠶ᠎ᠠ ᠶᠢᠨ ᠰᠤᠷᠪᠤᠯᠵᠢᠯᠠᠭᠴᠢ ᠸᠠᠩ ᠶᠧ ᠰᠡᠭᠦᠳᠡᠷᠯᠡᠪᠡ | ᠲᠤᠮᠳᠠᠲᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶ᠎ᠠ ᠶᠢᠨ | ᠪᠠᠶᠢᠩᠭᠤ ᠶᠢᠨ ᠭᠡᠰᠢᠭᠦᠨ᠂ ᠲᠦᠷᠤ ᠶᠢᠨ ᠶᠠᠪᠤᠳᠠᠯ ᠤᠨ ᠬᠤᠷᠢᠶ᠎ᠠ ᠶᠢᠨ ᠶᠡᠷᠦᠩᠬᠡᠢ ᠰᠠᠶᠢᠳ ᠯᠢ ᠴᠢᠶᠠᠩ᠂ ᠲᠤᠮᠳᠠᠲᠤ | ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠤ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ | ᠲᠥᠪ ᠤᠨ ᠠᠯᠪᠠᠨ ᠲᠢᠩᠬᠢᠮ ᠤᠨ ᠡᠷᠬᠢᠯᠡᠭᠴᠢ ᠼᠠᠢ ᠴᠢ ᠶᠠᠷᠢᠯᠴᠠᠬᠤ ᠬᠤᠷᠠᠯ ᠳᠤ ᠤᠷᠤᠯᠴᠠᠪᠠ᠃ | ᠶᠠᠷᠢᠯᠴᠠᠬᠤ ᠬᠤᠷᠠᠯ ᠳᠡᠭᠡᠷ᠎ᠡ᠂ ᠥᠪᠣᠷ ᠮᠣᠩᠭᠤᠯ ᠤᠨ ᠥᠪᠡᠷᠳᠡᠭᠡᠨ ᠵᠠᠰᠠᠬᠤ ᠤᠷᠣᠨ ᠤ ᠨᠠᠮ ᠤᠨ | ᠬᠤᠷᠢᠶ᠎ᠠ ᠶᠢᠨ ᠰᠦᠵᠢ ᠰᠦᠨ ᠱᠤᠤ ᠴᠧᠩ᠂ ᠱᠠᠩᠬᠠᠢ ᠬᠤᠳᠠ ᠶᠢᠨ ᠨᠠᠮ ᠤᠨ ᠬᠤᠷᠢᠶ᠎ᠠ ᠶᠢᠨ ᠰᠦᠵᠢ ᠴᠧᠨ ᠵᠢᠶ ᠨᠢᠩ᠂ | ᠵᠧᠵᠢᠶᠠᠩ ᠮᠤᠵᠢ ᠶᠢᠨ ᠨᠠᠮ ᠤᠨ ᠬᠤᠷᠢᠶ᠎ᠠ ᠶᠢᠨ ᠰᠦᠵᠢ ᠸᠠᠩ ᠬᠤᠤ᠂ ᠬᠤᠪᠧᠢ ᠮᠤᠵᠢ ᠶᠢᠨ ᠨᠠᠮ ᠤᠨ ᠬᠤᠷᠢᠶ᠎ᠠ ᠶᠢᠨ ᠰᠦᠵᠢ | ᠸᠠᠩ ᠵᠦᠩ ᠯᠢᠨ᠂ ᠭᠤᠸᠠᠩᠳᠦ᠋ᠩ ᠮᠤᠵᠢ ᠶᠢᠨ ᠨᠠᠮ ᠤᠨ ᠬᠤᠷᠢᠶ᠎ᠠ ᠶᠢᠨ ᠰᠦᠵᠢ ᠬᠤᠸᠠᠩ ᠺᠦᠨ ᠮᠢᠩ᠂ ᠰᠧᠴᠤᠸᠠᠨ | ᠮᠤᠵᠢ ᠶᠢᠨ ᠨᠠᠮ ᠤᠨ ᠬᠤᠷᠢᠶ᠎ᠠ ᠶᠢᠨ ᠰᠦᠵᠢ ᠸᠠᠩ ᠰᠢᠶᠣᠣ ᠬᠤᠢ᠂ ᠭᠠᠨᠰᠤ ᠮᠤᠵᠢ ᠶᠢᠨ ᠨᠠᠮ ᠤᠨ ᠬᠤᠷᠢᠶ᠎ᠠ ᠶᠢᠨ ᠰᠦᠵᠢ | ᠬᠤ᠋ ᠴᠠᠩ ᠱᠧᠩ ᠤᠷᠢᠳ ᠬᠤᠵᠢᠳ ᠦᠭᠡ ᠬᠡᠯᠡᠵᠤ᠂ ᠠᠵᠢᠯ ᠤᠨ ᠪᠤᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ︽ | ᠠᠷᠪᠠᠨ ᠲᠠᠪᠤᠳᠤᠭᠠᠷ ᠲᠠᠪᠤᠨ ᠵᠢᠯ ᠤᠨ ᠲᠦᠯᠤᠪᠵᠢᠭᠦᠯᠭᠡ ᠶᠢᠨ ᠬᠤᠭᠤᠴᠠᠭᠠᠨ ᠳᠠᠬᠢ ᠠᠵᠤ ᠠᠬᠤᠢ ᠨᠡᠶᠢᠭᠡᠮ ᠤᠨ | ᠬᠥᠭᠵᠢᠯᠲᠡ ᠶᠢᠨ ᠲᠤᠬᠠᠢ ᠰᠠᠨᠠᠯ ᠰᠠᠨᠠᠭᠤᠯᠭ᠎ᠠ ᠳᠤᠷᠠᠳᠪᠠ᠃ | ᠤᠯᠠᠨ ᠤ ᠬᠡᠯᠡᠬᠦ ᠶᠢ ᠰᠤᠨᠣᠰᠤᠭᠰᠠᠨ ᠤ ᠲᠠᠷᠠᠭ᠎ᠠ ᠰᠢ ᠶᠢᠨ ᠫᠢᠩ ᠴᠢᠬᠤᠯᠠ ᠶᠠᠷᠢᠶ᠎ᠠ ᠲᠠᠯᠪᠢᠪᠠ᠃ ᠲᠡᠷᠡ᠂ | ᠲᠠᠪᠤᠨ ᠵᠢᠯ ᠤᠨ ᠲᠦᠯᠥᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠬᠤ ᠪᠠ ᠦᠷᠭᠦᠯᠵᠢᠯᠡᠨ ᠬᠡᠷᠡᠭᠵᠢᠭᠦᠯᠬᠦ ᠪᠣᠯ | ᠮᠠᠨ ᠤ ᠨᠠᠮ ᠤᠨ ᠲᠥᠷᠥ ᠶᠢ ᠵᠠᠰᠠᠵᠤ ᠵᠠᠰᠠᠭ ᠢ ᠡᠷᠬᠢᠯᠡᠬᠦ ᠨᠢᠭᠡᠨ ᠴᠢᠬᠤᠯᠠ ᠲᠤᠷᠰᠢᠯᠭ᠎ᠠ ᠪᠣᠯᠬᠤ ᠪᠥᠭᠡᠳ ᠲᠤᠮᠳᠠᠲᠤ | ᠣᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠨᠢᠭᠡᠨ ᠴᠢᠬᠤᠯᠠ ᠤᠯᠤᠰ ᠲᠥᠷᠥ ᠶᠢᠨ ᠳᠠᠪᠠᠭᠤᠯᠢᠭ ᠪᠣᠯᠣᠨ᠎ᠠ᠃ ︽ | ᠠᠷᠪᠡᠨ ᠲᠠᠪᠤᠳᠤᠭᠠᠷ ᠲᠠᠪᠤᠨ ᠵᠢᠯ︾ ᠤᠨ ᠲᠦᠯᠤᠪᠵᠢᠭᠦᠯᠭᠡ ᠶᠢᠨ ᠬᠤᠭᠤᠴᠠᠭᠠᠨ ᠳᠠᠬᠢ ᠠᠵᠤ ᠠᠬᠤᠢ ᠨᠡᠶᠢᠭᠡᠮ ᠤᠨ | ᠬᠥᠭᠵᠢᠯᠲᠡ ᠶᠢ ᠣᠬᠠᠭᠠᠯᠠᠨ ᠲᠦᠯᠥᠪᠯᠡᠬᠦ ᠳᠤ ᠡᠷᠭᠡᠪᠰᠢ ︽ᠠᠷᠪᠠᠨ ᠲᠠᠪᠤᠳᠤᠭᠠᠷ ᠲᠠᠪᠤᠨ ᠵᠢᠯ︾ ᠤᠨ ᠲᠦᠯᠤᠪᠵᠢᠭᠦᠯᠭᠡ ᠶᠢᠨ | ᠬᠤᠭᠤᠴᠠᠭᠠᠨ ᠳᠠᠬᠢ ᠱᠠᠲᠤ ᠦᠶᠡᠴᠢ ᠴᠢᠨᠠᠷᠲᠠᠢ ᠱᠠᠭᠠᠷᠳᠠᠯᠭ᠎ᠠ ᠶᠢ ᠤᠨᠤᠪᠴᠢᠲᠠᠢ ᠡᠵᠡᠮᠲᠠᠵᠤ᠂ ᠬᠦᠴᠦᠷᠬᠡᠭ ᠤᠯᠤᠰ ᠤᠨ | ᠪᠦᠲᠦᠭᠡᠨ ᠪᠠᠶᠢᠭᠤᠯᠤᠯᠲᠠ᠂ ᠦᠨᠳᠦᠰᠤᠲᠠᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠲᠤ ᠠᠩᠬᠠᠷᠤᠯ ᠢᠶᠠᠨ | ᠲᠦᠪᠯᠡᠷᠡᠭᠦᠯᠵᠤ᠂ ᠨᠡᠶᠢᠭᠡᠮ ᠵᠢᠷᠣᠮᠲᠤ ᠤᠳᠣᠬᠢᠴᠢᠯᠡᠯᠲᠠ ᠶᠢᠨ ᠬᠠᠷᠠᠯᠲᠠ ᠶᠢ ᠦᠨᠳᠦᠰᠤᠨ ᠳᠡᠭᠡᠨ ᠪᠠᠶᠠᠯᠡᠭᠦᠯᠭᠦ ᠲᠠᠢ ᠨᠢᠭᠲᠠ | ᠤᠶᠠᠯᠳᠤᠭᠤᠯᠤᠨ᠂ ᠬᠦᠷᠢᠶ᠎ᠡ ᠴᠠᠷᠠᠭ᠎ᠠ ᠲᠠᠷᠠᠭᠠᠯᠠᠨ ᠬᠠᠷᠠᠯᠲᠠ ᠡᠭᠦᠷᠭᠡ ᠶᠢ ᠵᠦᠢ ᠵᠣᠬᠢᠰᠲᠡᠢ ᠲᠣᠭᠳᠠᠭᠠᠵᠤ᠂ ᠰᠠᠳᠬᠢᠮᠵᠢ | ᠠᠷᠭ᠎ᠠ ᠬᠡᠮᠵᠢᠶ᠎ᠡ ᠳᠤᠷᠠᠳᠬᠤ ᠬᠡᠷᠡᠭᠳᠡᠢ᠃ ᠡᠯ᠎ᠡ ᠲᠠᠯ᠎ᠡ ᠶᠢᠨ ᠬᠠᠷᠠᠯᠲᠠ ᠡᠭᠦᠷᠭᠡ ᠶᠢ ᠬᠦᠨᠵᠡᠭᠡᠢ ᠵᠠᠳᠠᠯᠤᠨ ᠨᠤᠳᠠᠯᠠᠵᠤ᠂ | ᠰᠢᠨᠵᠢᠯᠡᠬᠦ ᠤᠬᠠᠭᠠᠨᠴᠢ ᠣᠨᠣᠪᠴᠢᠲᠠᠢ ᠪᠠᠶᠢᠯᠭᠠᠨ᠂ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠵᠤ ᠲᠡᠶᠢᠯᠭᠦ ᠶᠢ ᠦᠨᠡᠨ ᠬᠦ | ᠪᠠᠲᠤᠯᠠᠬᠤ ᠬᠡᠷᠡᠭᠲᠡᠢ᠃ ᠨᠢᠭᠡᠲᠤᠯᠲᠡᠢ ᠲᠦᠯᠤᠪᠵᠢᠭᠦᠯᠣᠨ ᠤᠬᠠᠭᠠᠯᠠᠨ ᠲᠦᠯᠤᠪᠯᠡᠵᠤ᠂ ᠵᠠᠩᠬᠢᠯᠠᠭ᠎ᠠ ᠶᠢᠨ ᠴᠢᠨᠠᠷᠲᠠᠢ᠂ | ᠰᠢᠢᠳᠪᠦᠷᠢᠯᠡᠭᠴᠢ ᠴᠢᠨᠠᠷᠲᠠᠢ ᠬᠦᠴᠦᠨ ᠵᠦᠢᠯ ᠢ ᠠᠳᠬᠤᠵᠤ᠂ ᠡᠷᠴᠢᠮ ᠪᠣᠯᠣᠨ ᠠᠬᠢᠴᠡ ᠶᠢ ᠰᠠᠶᠢᠳᠤᠷ ᠡᠵᠡᠮᠳᠠᠵᠤ᠂ | ᠳᠠᠪᠠᠭᠤᠯᠢᠭ ᠢᠶᠠᠨ ᠪᠠᠬᠢᠵᠢᠭᠦᠯᠦᠨ ᠦᠷᠭᠡᠳᠭᠡᠬᠦ᠂ ᠪᠤᠭᠤᠮᠢ ᠲᠦᠭᠵᠢᠷᠡᠯ ᠢ ᠰᠢᠪᠳᠤᠯᠬᠤ᠂ ᠳᠤᠳᠠᠭᠤᠳᠠᠯ ᠪᠠᠭᠤᠷᠠᠢ ᠲᠠᠯ᠎ᠠ ᠪᠠᠨ | ᠨᠦᠭᠦᠪᠦᠷᠢᠯᠡᠬᠦ᠂ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠭᠦ ᠶᠢ ᠴᠢᠬᠤᠯᠡᠴᠢᠯᠡᠵᠤ᠂ ᠪᠦᠬᠦᠯᠢ ᠴᠤᠭᠴᠠ ᠶᠢᠨ | ᠬᠠᠷᠠᠯᠲᠠ ᠶᠢᠨ ᠴᠢᠭᠯᠡᠯ ᠲᠠᠢ ᠨᠢᠭᠡᠲᠤᠯᠲᠡᠢ ᠪᠠᠶᠢᠯᠭᠠᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠡᠪᠠ᠃ | ᠰᠢ ᠶᠢᠨ ᠫᠢᠩ᠂ ︽ᠠᠷᠪᠠᠨ ᠳᠠᠪᠤᠳᠤᠭᠠᠷ ᠲᠠᠪᠤᠨ ᠵᠢᠯ︾ ᠤᠨ ᠲᠦᠯᠥᠪᠵᠢᠭᠦᠯᠭᠡ ᠶᠢᠨ ᠬᠤᠭᠤᠴᠠᠭᠠᠨ ᠳᠠᠬᠢ | ᠠᠵᠤ ᠠᠬᠤᠢ ᠨᠡᠶᠢᠭᠡᠮ ᠤᠳ ᠬᠥᠭᠵᠢᠯᠲᠡ ᠶᠢ ᠲᠦᠯᠤᠪᠵᠢᠭᠦᠯᠬᠦ ᠳᠤ᠂ ᠳᠡᠯᠡᠭᠡᠢ ᠶᠢᠨ ᠪᠠᠶᠢᠳᠠᠯ ᠤᠨ ᠬᠥᠭᠵᠢᠯᠲᠠ | ᠬᠤᠪᠢᠷᠡᠯᠲᠠ ᠠᠴᠠ ᠮᠠᠨ ᠤ ᠤᠯᠤᠰ ᠲᠤ ᠦᠵᠡᠭᠦᠯᠭᠦ ᠨᠦᠯᠥᠭᠡ ᠶᠢ ᠪᠠᠷᠡᠯᠡᠯᠲᠤ ᠴᠢᠨᠡᠷᠲᠠᠢ ᠪᠠᠷ ᠡᠵᠡᠮᠳᠠᠵᠤ᠂ ᠬᠠᠨᠲᠤᠰᠢ ᠶᠢ | ᠦᠨᠳᠤᠰᠤᠯᠠᠨ ᠠᠵᠤ ᠠᠬᠤᠢ ᠶᠢᠨ ᠪᠠᠶᠢᠷᠢᠰᠢᠭᠤᠯᠤᠯᠲᠠ ᠶᠢ ᠠᠰᠢᠭᠲᠠᠢ ᠲᠠᠶᠢᠰᠢ ᠲᠣᠬᠢᠷᠠᠭᠤᠯᠤᠨ ᠰᠢᠯᠢᠳᠡᠭᠵᠢᠭᠦᠯᠬᠦ ᠬᠡᠷᠡᠭᠲᠡᠢ᠃ | ᠥᠪᠡᠷ ᠤᠨ ᠶᠠᠪᠤᠳᠠᠯ ᠢᠶᠠᠨ ᠭᠤᠶᠢᠪᠢᠰᠢ ᠦᠭᠡᠢ ᠰᠠᠶᠢᠲᠤᠷ ᠬᠢᠵᠦ᠂ ᠦᠨᠳᠤᠷ ᠲᠦᠪᠰᠢᠨ ᠪᠦᠭᠦᠢ ᠭᠠᠲᠠᠭᠠᠲᠤ ᠨᠡᠭᠡᠭᠡᠯᠲᠡ ᠶᠢ | ᠭᠤᠶᠢᠪᠢᠰᠢ ᠦᠭᠡᠢ ᠥᠷᠭᠡᠳᠬᠡᠵᠦ᠂ ᠣᠯᠠᠨ ᠠᠷᠭ᠎ᠠ ᠬᠡᠮᠵᠢᠶ᠎ᠠ ᠶᠢ ᠵᠡᠷᠭᠡ ᠪᠠᠷ ᠬᠡᠷᠡᠭᠯᠡᠨ ᠠᠵᠢᠯ ᠣᠯᠭᠤᠯᠲᠠ ᠶᠢ | ᠲᠣᠭᠳᠠᠪᠤᠷᠢᠵᠢᠭᠤᠯᠵᠤ᠂ ᠠᠵᠤ ᠠᠬᠤᠶᠢᠯᠠᠯ ᠢ ᠲᠣᠭᠳᠠᠪᠤᠷᠢᠵᠢᠭᠤᠯᠵᠤ᠂ ᠵᠠᠬ᠎ᠠ ᠲᠡᠯᠭᠡᠭᠦᠷ ᠢ ᠲᠣᠭᠳᠠᠪᠤᠷᠢᠵᠢᠭᠤᠯᠵᠤ᠂ | ᠵᠢᠱᠢᠯᠲᠠ ᠶᠢ ᠲᠣᠭᠳᠠᠪᠤᠷᠢᠵᠢᠭᠤᠯᠵᠤ᠂ ᠠᠵᠤ ᠠᠬᠤᠢ ᠶᠢᠨ ᠦᠨᠳᠤᠰᠤᠨ ᠪᠠᠶᠢᠳᠠᠯ ᠢ ᠪᠦᠲᠦᠮᠵᠢᠲᠠᠢ ᠲᠣᠭᠳᠠᠪᠤᠷᠢᠵᠢᠭᠤᠯᠵᠤ᠂ | ᠰᠢᠨ᠎ᠡ ᠬᠥᠭᠵᠢᠯᠲᠠ ᠶᠢᠨ ᠪᠠᠶᠢᠷᠢᠰᠢᠯ ᠢ ᠲᠦᠷᠭᠡᠭᠡᠨ ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠪᠥᠬᠦ ᠲᠠᠯ᠎ᠠ ᠪᠠᠷ | ᠠᠬᠢᠭᠤᠯᠬᠤ ᠬᠡᠷᠡᠭᠲᠡᠢ᠃ ᠬᠦᠭᠵᠢᠯᠲᠡ ᠪᠠ ᠠᠮᠤᠷ ᠲᠥᠪᠰᠢᠨ ᠢ ᠨᠢᠭᠡᠲᠤᠯᠲᠠᠢ ᠲᠦᠯᠥᠪᠵᠢᠭᠦᠯᠬᠦ ᠶᠢ ᠨᠡᠩ ᠴᠢᠬᠤᠯᠠᠴᠢᠯᠠᠵᠤ᠂ | ᠲᠤᠳᠤᠭᠠᠲᠤ ᠭᠠᠲᠠᠭᠠᠲᠤ ᠶᠢᠨ ᠠᠶᠤᠯ ᠲᠦᠭᠰᠢᠭᠦᠷᠢ ᠦᠷᠢᠰᠦᠯᠳᠦᠭᠡᠨ ᠢ ᠪᠦᠬᠦ ᠲᠠᠯ᠎ᠠ ᠪᠠᠷ ᠪᠤᠳᠦᠯᠭᠢᠯᠡᠵᠦ᠂ ᠤᠯᠤᠰ ᠤᠨ | ᠠᠮᠤᠷ ᠲᠦᠪᠰᠢᠨ ᠤ ᠰᠢᠰᠲ᠋ᠧᠮ ᠢ ᠪᠦᠷᠢᠨᠰᠢᠭᠦᠯᠦᠨ᠂ ᠠᠮᠤᠷ ᠲᠦᠪᠰᠢᠨ ᠢ ᠬᠠᠮᠠᠭᠠᠯᠠᠬᠤ ᠴᠢᠳᠡᠪᠤᠷᠢ ᠶᠢ ᠴᠢᠩᠭᠠᠳᠬᠠᠵᠤ᠂ | ᠦᠨᠳᠣᠷ ᠪᠦᠳᠦᠮᠵᠢᠲᠡᠢ ᠵᠠᠰᠠᠯᠲᠡ ᠪᠠᠷ ᠴᠢᠨᠠᠷ ᠰᠠᠶᠢᠲᠠᠢ ᠬᠦᠭᠵᠢᠯᠲᠡ ᠪᠠ ᠦᠨᠳᠦᠷ ᠲᠦᠪᠰᠢᠨ ᠪᠦᠬᠦᠶ ᠠᠮᠤᠷ ᠲᠦᠪᠰᠢᠨ ᠤ | ᠰᠠᠶᠢᠨ ᠬᠤᠷᠰᠢᠯᠴᠠᠯ ᠢ ᠠᠬᠢᠭᠤᠯᠵᠤ᠂ ᠰᠢᠨ᠎ᠡ ᠠᠮᠤᠷ ᠲᠦᠪᠰᠢᠨ ᠤ ᠪᠠᠶᠢᠷᠢᠰᠢᠯ ᠢᠶᠠᠷ ᠰᠢᠨ᠎ᠡ ᠬᠦᠭᠵᠢᠯᠲᠡ ᠶᠢᠨ ᠪᠠᠶᠢᠷᠢᠰᠢᠯ ᠢ | ᠪᠠᠲᠤᠯᠠᠬᠤ ᠬᠡᠷᠡᠭᠳᠡᠢ ᠭᠡᠵᠦ ᠵᠢᠭᠠᠵᠤ ᠭᠠᠷᠭᠠᠵᠠᠢ᠃ | ᠰᠢ ᠶᠢᠨ ᠫᠢᠩ᠂ ︽ᠠᠷᠪᠠᠨ ᠳᠠᠪᠤᠳᠤᠭᠠᠷ ᠲᠠᠪᠤᠨ ᠵᠢᠯ︾ ᠤᠨ ᠲᠦᠯᠥᠪᠵᠢᠭᠦᠯᠭᠡ ᠶᠢᠨ ᠬᠤᠭᠤᠴᠠᠭᠠᠨ ᠳᠤ᠂ | ᠡᠷᠬᠡᠪᠰᠢ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠰᠢᠨ᠎ᠡ ᠴᠢᠨᠠᠷ ᠤᠨ ᠣᠢᠯᠡᠳᠪᠤᠷᠢᠯᠡᠯ ᠤᠨ ᠬᠦᠴᠤᠨ ᠢ | ᠬᠦᠭᠵᠢᠭᠦᠯᠬᠦ ᠶᠢ ᠨᠡᠩ ᠳᠣᠪᠤᠶᠢᠮ᠎ᠡ ᠪᠠᠶᠢᠯᠳᠤᠬᠤ ᠪᠣᠳᠤᠯᠭ᠎ᠠ ᠶᠢᠨ ᠪᠠᠶᠢᠷᠢᠨ ᠳᠤ ᠲᠠᠯᠪᠢᠵᠤ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠡ ᠶᠢ ᠡᠭᠦᠳᠬᠦ ᠪᠠᠷ ᠵᠢᠯᠤᠭᠤᠳᠤᠮᠵᠢ ᠪᠣᠯᠭᠠᠵᠤ᠂ ᠪᠤᠳᠠᠲᠤ ᠴᠤᠭᠴᠠ ᠶᠢᠨ ᠠᠵᠤ ᠠᠬᠤᠢ ᠪᠠᠷ ᠰᠠᠭᠤᠷᠢ | ᠪᠣᠯᠭᠠᠵᠤ᠂ ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ ᠳᠠᠪᠰᠢᠭᠦᠯᠬᠦ ᠶᠢ ᠪᠦᠬᠦ ᠲᠠᠯ᠎ᠠ ᠪᠠᠷ | ᠠᠬᠢᠭᠤᠯᠬᠤ᠂ ᠰᠢᠨ᠎ᠡ ᠪᠠᠷ ᠮᠠᠨᠳᠤᠭᠰᠡᠨ ᠠᠵᠤ ᠦᠢᠯᠡᠰ ᠢ ᠢᠳᠡᠪᠬᠢᠲᠡᠢ ᠬᠦᠭᠵᠢᠭᠦᠯᠭᠦ᠂ ᠢᠷᠡᠭᠡᠳᠦᠢ ᠶᠢᠨ ᠠᠵᠤ ᠦᠶᠢᠯᠡᠰ ᠢ | ᠤᠷᠢᠳᠴᠢᠯᠠᠨ ᠪᠠᠶᠢᠷᠢᠰᠢᠭᠤᠯᠬᠤ ᠶᠢ ᠪᠠᠷᠢᠮᠲᠠᠯᠠᠵᠤ᠂ ᠣᠳᠣᠬᠢᠴᠢᠯᠠᠭᠰᠠᠨ ᠠᠵᠤ ᠣᠶᠢᠯᠡᠰ ᠤᠨ ᠰᠢᠰᠲ᠋ᠧᠮ ᠢ ᠲᠦᠷᠭᠡᠭᠡᠨ | ᠪᠠᠶᠢᠭᠤᠯᠬᠤ ᠬᠡᠷᠡᠭᠳᠡᠢ᠃ ᠤᠯᠤᠰ ᠤᠨ ᠰᠢᠨ᠎ᠡ ᠶᠢ ᠡᠭᠦᠳᠬᠦ ᠰᠢᠰᠲ᠋ᠧᠮ ᠢ ᠲᠡᠭᠦᠯᠳᠡᠷᠵᠢᠭᠦᠯᠵᠦ᠂ ᠡᠯ᠎ᠡ ᠲᠦᠷᠤᠯ ᠤᠨ | ᠰᠢᠨ᠎ᠡ ᠶᠢ ᠡᠭᠦᠳᠬᠦ ᠭᠤᠣᠯ ᠴᠣᠭᠴᠠ ᠶᠢᠨ ᠠᠮᠢᠵᠢᠷᠡᠯ ᠤᠨ ᠬᠦᠴᠦᠨ ᠢ ᠬᠥᠭᠵᠢᠭᠡᠵᠦ᠂ ᠳᠡᠯᠡᠭᠡᠢ ᠶᠢᠨ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠬᠤᠰᠢᠭᠤᠷᠠᠯ ᠳᠤ ᠠᠩᠬᠠᠷᠤᠯ ᠢᠶᠠᠨ ᠬᠠᠨᠳᠤᠭᠤᠯᠵᠤ᠂ ᠰᠠᠭᠤᠷᠢ ᠰᠤᠳᠤᠯᠭᠠᠨ ᠢ ᠴᠢᠩᠭᠠᠳᠬᠠᠬᠤ᠂ | ᠤᠤᠭᠠᠯ ᠡᠭᠦᠳᠤᠯᠲᠠ ᠶᠢᠨ ᠴᠢᠳᠠᠪᠤᠷᠢ ᠶᠢ ᠳᠡᠭᠡᠭᠰᠢᠯᠡᠭᠦᠯᠭᠦ ᠲᠠᠯ᠎ᠠ ᠪᠠᠷ ᠦᠷᠭᠦᠯᠵᠢᠯᠡᠨ ᠬᠦᠴᠦᠯᠡᠵᠤ᠂ ᠵᠠᠩᠬᠢᠯᠠᠭ᠎ᠠ ᠶᠢᠨ | ᠭᠤᠣᠯᠯᠠᠬᠤ ᠮᠡᠷᠭᠡᠵᠢᠯ᠂ ᠬᠤᠰᠢᠭᠤᠷᠠᠯ ᠮᠡᠷᠭᠡᠵᠢᠯ ᠢ ᠰᠢᠢᠳᠪᠦᠷᠢᠯᠡᠬᠦ ᠲᠠᠯ᠎ᠠ ᠪᠠᠷ ᠱᠠᠯᠠᠪᠳᠠᠨ ᠪᠣᠭᠤᠮᠲᠠ ᠰᠢᠪᠲᠦᠯᠬᠤ ᠬᠡᠷᠡᠭᠲᠡᠢ᠃ | ᠰᠤᠷᠭᠠᠨ ᠬᠦᠮᠤᠵᠢᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠴᠢᠳᠠᠪᠤᠷᠢᠲᠠᠨ ᠢ ᠨᠢᠭᠡ ᠴᠤᠭᠴᠠᠵᠢᠭᠤᠯᠤᠨ ᠬᠦᠭᠵᠢᠭᠦᠯᠬᠦ ᠶᠢ | ᠨᠢᠭᠡᠳᠦᠯᠲᠡᠢ ᠲᠦᠯᠥᠪᠵᠢᠭᠦᠯᠣᠨ ᠠᠬᠢᠭᠤᠯᠵᠤ᠂ ᠰᠢᠨ᠎ᠡ ᠴᠢᠨᠠᠷ ᠤᠨ ᠦᠢᠯᠡᠳᠪᠤᠷᠢᠯᠡᠯ ᠤᠨ ᠬᠦᠴᠦᠨ ᠤ ᠬᠥᠭᠵᠢᠯᠲᠡ ᠶᠢᠨ | ᠰᠠᠭᠤᠷᠢ ᠴᠢᠨᠡᠷᠲᠡᠢ᠂ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠲᠤᠯᠭᠠᠭᠤᠷᠢᠯᠠᠯ ᠢ ᠪᠠᠲᠤ ᠴᠣᠭᠴᠠᠯᠠᠬᠤ ᠬᠡᠷᠡᠭᠲᠡᠢ ᠭᠡᠵᠦ | ᠴᠢᠬᠤᠯᠠᠴᠢᠯᠡᠪᠠ᠃ | ᠰᠢ ᠶᠢᠨ ᠫᠢᠩ᠂ ᠳᠤᠮᠳᠠᠲᠤ ᠣᠯᠤᠰ ᠤᠨ ᠮᠠᠶ᠋ᠢᠭ ᠤᠨ ᠤᠳᠣᠬᠢᠴᠢᠯᠠᠯᠲᠠ ᠪᠣᠯ ᠪᠥᠬᠦ ᠠᠷᠠᠳ ᠲᠦᠮᠡᠨ ᠤ | ᠬᠠᠮᠲᠤ ᠪᠠᠷ ᠪᠠᠶᠠᠵᠢᠬᠤ ᠨᠡᠶᠢᠭᠡᠮ ᠵᠢᠷᠤᠮᠲᠤ ᠤᠳᠤᠬᠢᠴᠢᠯᠠᠯᠲᠠ ᠮᠥᠨ᠃ ︽ᠠᠷᠪᠠᠨ ᠲᠠᠪᠤᠳᠤᠭᠠᠷ ᠲᠠᠪᠤᠨ ᠵᠢᠯ︾ ᠤᠨ | ᠲᠦᠯᠤᠪᠵᠢᠭᠦᠯᠭᠡ ᠶᠢᠨ ᠬᠤᠭᠤᠴᠠᠭᠠᠨ ᠳᠠᠬᠢ ᠠᠵᠤ ᠠᠬᠤᠢ ᠨᠡᠶᠢᠭᠡᠮ ᠤᠨ ᠬᠦᠭᠵᠢᠯᠲᠡ ᠶᠢ ᠲᠦᠯᠥᠪᠵᠢᠭᠦᠯᠬᠦ ᠳᠤ ᠤᠭ | ᠰᠠᠨᠠᠭ᠎ᠠ ᠪᠠᠨ ᠦᠯᠤ ᠮᠠᠷᠲᠠᠨ᠂ ᠠᠷᠠᠳ ᠲᠦᠮᠡᠨ ᠳᠤ ᠪᠤᠶᠠᠨ ᠦᠢᠯᠡᠳᠬᠦ ᠪᠠᠷ ᠦᠨᠳᠦᠰᠤᠨ ᠦᠷᠳᠡᠭ ᠤᠳ ᠬᠠᠨᠳᠦᠰᠢ | ᠪᠣᠯᠭᠠᠵᠤ᠂ ᠬᠥᠭᠵᠢᠭᠦᠯᠬᠦ ᠳᠤᠮᠳᠠ ᠠᠷᠠᠳ ᠤᠨ ᠠᠮᠢᠳᠤᠷᠠᠯ ᠢ ᠪᠠᠳᠤᠯᠠᠨ ᠰᠠᠶᠢᠵᠢᠷᠠᠭᠤᠯᠬᠤ ᠶᠢ ᠪᠠᠷᠢᠮᠳᠠᠯᠠᠨ᠂ ᠬᠠᠮᠲᠤ ᠪᠠᠷ | ᠪᠠᠶᠠᠵᠢᠬᠤ ᠶᠢ ᠯᠠᠪᠳᠠᠭᠤᠨ ᠠᠬᠢᠭᠤᠯᠬᠤ ᠬᠡᠷᠡᠭᠲᠡᠢ᠃ ᠣᠷᠣᠨ ᠪᠦᠰᠡ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ᠂ | ᠣᠷᠣᠨ ᠪᠦᠰᠡ ᠶᠢᠨ ᠵᠣᠬᠢᠴᠠᠩᠭᠤᠢ ᠬᠦᠭᠵᠢᠯᠲᠠ ᠶᠢ ᠠᠬᠢᠭᠤᠯᠬᠤ ᠪᠠ ᠶᠠᠳᠠᠭᠤ ᠠᠴᠠ ᠠᠩᠬᠢᠵᠢᠷᠠᠭᠤᠯᠬᠤ ᠪᠣᠭᠤᠮᠲᠠ | ᠰᠢᠪᠳᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ᠂ ᠬᠦᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠤᠨ | ᠮᠠᠨᠳᠤᠭᠤᠯᠬᠤ ᠪᠠ ᠬᠤᠲᠠ ᠬᠦᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠬᠤ᠂ ᠬᠦᠳᠡᠭᠡ ᠠᠵᠤ ᠠᠬᠤᠢ | ᠬᠦᠳᠡᠭᠡ ᠲᠣᠰᠬᠤᠨ ᠤ ᠤᠲᠣᠬᠢᠴᠢᠯᠡᠯᠲᠠ ᠶᠢ ᠲᠦᠷᠭᠡᠳᠬᠡᠬᠦ ᠵᠡᠷᠭᠡ ᠲᠠᠯ᠎ᠠ ᠶᠢᠨ ᠪᠦᠲᠣᠮᠵᠢᠲᠡᠢ ᠠᠷᠭ᠎ᠠ ᠬᠡᠮᠵᠢᠶ᠎ᠡ ᠶᠢ | ᠬᠦᠨᠵᠡᠭᠡᠢ ᠰᠤᠳᠤᠯᠵᠤ᠂ ᠬᠤᠳᠠ ᠬᠦᠳᠡᠭᠡ ᠶᠢᠨ ᠤᠯᠠᠨ ᠲᠦᠮᠡᠨ ᠤ ᠤᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠬᠦ ᠬᠡᠷᠡᠭᠲᠡᠢ | ᠃ ᠨᠢᠭᠡ ᠪᠦᠯᠦᠭ ᠲᠠᠩᠴᠡᠭᠦᠷᠢᠳᠤ ᠴᠢᠨᠠᠷ ᠪᠣᠯᠣᠮᠵᠢᠳᠤ ᠴᠢᠨᠠᠷ ᠢᠶᠠᠷ ᠴᠢᠩᠭ᠎ᠠ ᠠᠷᠠᠳ ᠤᠨ ᠠᠮᠢᠳᠤᠷᠠᠯ ᠤᠨ ᠲᠦᠷᠤ ᠶᠢᠨ | ᠪᠣᠳᠣᠯᠭ᠎ᠠ ᠠᠷᠭ᠎ᠠ ᠬᠡᠮᠵᠢᠶ᠎ᠠ ᠶᠢ ᠰᠤᠳᠤᠯᠤᠨ ᠲᠣᠭᠲᠠᠭᠠᠵᠤ᠂ ᠤᠯᠠᠨ ᠲᠦᠮᠡᠨ ᠤ ᠪᠠᠴᠢᠮᠳᠠᠵᠤ ᠲᠦᠪᠡᠭᠳᠡᠵᠤ ᠵᠣᠪᠠᠨᠢᠵᠤ | ᠬᠦᠰᠡᠵᠤ ᠪᠠᠶᠢᠭ᠎ᠠ ᠠᠰᠠᠭᠤᠳᠠᠯ ᠢ ᠬᠦᠴᠦᠯᠠᠨ ᠰᠢᠢᠳᠪᠦᠷᠢᠯᠡᠬᠦ ᠬᠡᠷᠡᠭᠲᠡᠢ᠃ ᠣᠯᠠᠨ ᠲᠦᠮᠡᠨ ᠳᠤ ᠬᠤᠯᠪᠣᠭᠳᠠᠬᠤ ᠣᠴᠢᠷ | ᠶᠠᠪᠤᠳᠠᠯ ᠤᠨ ᠵᠠᠩᠬᠢᠯᠠᠭ᠎ᠠ ᠨᠢ ᠦᠨᠡᠨ ᠪᠣᠳᠠᠲᠠᠢ ᠬᠢᠬᠦ ᠳᠤ ᠪᠠᠶᠢᠵᠤ᠂ ᠡᠯ᠎ᠡ ᠵᠦᠢᠯ ᠤᠨ ᠲᠦᠷᠦ ᠶᠢᠨ ᠪᠣᠳᠣᠯᠭ᠎ᠠ ᠠᠷᠭ᠎ᠠ | ᠬᠡᠮᠵᠢᠶ᠎ᠡ ᠨᠢ ᠦᠨᠡᠨ ᠪᠤᠳᠠᠲᠠᠢ᠂ ᠪᠤᠳᠠᠲᠤ ᠦᠷ᠎ᠡ ᠪᠦᠲᠦᠮᠵᠢ ᠲᠠᠢ ᠪᠠᠶᠢᠵᠤ᠂ ᠴᠢᠳᠠᠯ ᠢᠶᠠᠷ ᠢᠶᠠᠨ ᠴᠢᠷᠮᠠᠶᠢᠬᠤ᠂ | ᠴᠢᠳᠠᠯ ᠤᠨ ᠢᠶᠠᠨ ᠬᠢᠷᠢ ᠪᠠᠷ ᠬᠢᠬᠦ ᠶᠢ ᠪᠠᠷᠢᠮᠲᠠᠯᠠᠬᠤ ᠬᠡᠷᠡᠭᠲᠡᠢ ᠭᠡᠵᠤ ᠵᠢᠭᠠᠵᠤ ᠭᠠᠷᠭᠠᠪᠠ᠃ | ᠰᠢ ᠶᠢᠨ ᠫᠢᠩ᠂ ᠡᠯ᠎ᠡ ᠭᠠᠵᠠᠷ ᠣᠷᠣᠨ ︽ᠠᠷᠪᠠᠨ ᠳᠠᠪᠤᠳᠤᠭᠠᠷ ᠲᠠᠪᠤᠨ ᠵᠢᠯ ᠤᠨ ᠲᠦᠯᠥᠪᠵᠢᠭᠦᠯᠭᠡ ᠶᠢᠨ | ᠬᠤᠭᠤᠴᠠᠭᠠᠨ ᠳᠠᠬᠢ ᠠᠵᠤ ᠠᠬᠤᠢ ᠨᠡᠶᠢᠭᠡᠮ ᠤᠨ ᠬᠥᠭᠵᠢᠯᠲᠡ ᠶᠢ ᠲᠦᠯᠥᠪᠵᠢᠭᠦᠯᠬᠦ ᠳᠡᠭᠡᠨ ᠪᠦᠬᠦ ᠤᠯᠤᠰ ᠤᠨ ᠶᠡᠭᠡ | ᠲᠠᠯ᠎ᠠ ᠳᠤ ᠤᠨᠣᠪᠴᠢᠲᠠᠢ ᠪᠠᠶᠢᠷᠢ ᠲᠣᠭᠲᠠᠭᠠᠯᠲᠠ ᠬᠢᠵᠤ᠂ ᠲᠦᠯᠤᠪᠵᠢᠭᠦᠯᠭᠡ ᠶᠢ ᠵᠤᠯᠭᠠᠭᠤᠯᠬᠤ ᠶᠢ ᠴᠢᠩᠭᠠᠳᠬᠠᠬᠤ ᠬᠡᠷᠡᠭᠲᠡᠢ | ᠃ ᠭᠦᠨᠵᠡᠭᠡᠢ ᠪᠠᠶᠢᠴᠠᠭᠠᠨ ᠰᠤᠳᠤᠯᠤᠯᠲᠠ ᠬᠢᠵᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ ᠪᠠ ᠠᠰᠠᠭᠤᠳᠠᠯ ᠢᠶᠠᠷ | ᠤᠳᠤᠷᠢᠳᠤᠮᠵᠢ ᠪᠣᠯᠭᠠᠬᠤ ᠶᠢ ᠬᠠᠷᠢᠯᠴᠠᠨ ᠨᠢᠭᠡᠳᠬᠡᠬᠦ ᠶᠢ ᠪᠠᠷᠢᠮᠳᠠᠯᠠᠵᠤ᠂ ᠬᠦᠭᠵᠢᠯᠲᠠ ᠶᠢᠨ ᠰᠡᠳᠬᠢᠮᠵᠢ ᠪᠠ ᠪᠠᠶᠢᠯᠳᠤᠬᠤ | ᠪᠣᠳᠤᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠬᠤ ᠳᠠᠭᠠᠨ ᠲᠣᠰ ᠪᠡᠶ᠎ᠡ ᠶᠢᠨ ᠣᠨᠴᠠᠯᠢᠭ ᠢᠶᠠᠨ ᠢᠯᠡᠷᠡᠭᠦᠯᠬᠦ ᠶᠢ | ᠴᠢᠬᠤᠯᠠᠴᠢᠯᠡᠵᠤ᠂ ᠬᠠᠷᠢᠴᠠᠭᠤᠯᠤᠭᠰᠠᠨ ᠳᠠᠪᠠᠭᠤᠯᠢᠭ ᠢᠶᠠᠨ ᠪᠠᠳᠠᠷᠠᠭᠤᠯᠬᠤ ᠬᠡᠷᠡᠭᠲᠡᠢ ᠭᠡᠵᠦ ᠴᠢᠬᠤᠯᠠᠴᠢᠯᠠᠵᠠᠢ᠃ | ᠾᠧ ᠯᠢ ᠹᠧᠩ᠂ ᠦ᠋ ᠵᠧᠩ ᠯᠦᠩ ᠶᠠᠷᠢᠯᠴᠠᠬᠤ ᠬᠤᠷᠠᠯ ᠳᠤ ᠣᠷᠣᠯᠴᠠᠵᠤ᠂ ᠲᠥᠪ ᠤᠨ ᠪᠠ ᠲᠦᠷᠤ ᠶᠢᠨ | ᠪᠠᠶᠢᠭᠤᠯᠭ᠎ᠠ ᠶᠢᠨ ᠬᠤᠯᠪᠣᠭᠳᠠᠯ ᠪᠦᠭᠦᠢ ᠰᠠᠯᠠᠭ᠎ᠠ ᠮᠥᠴᠢᠷ᠂ ᠬᠤᠯᠪᠣᠭᠳᠠᠯ ᠪᠦᠬᠦᠢ ᠮᠤᠵᠢ ᠤᠷᠣᠨ ᠬᠤᠳᠠ ᠶᠢᠨ | ᠬᠠᠷᠢᠭᠤᠴᠠᠯᠭᠠᠲᠠᠨ ᠨᠦᠭᠦᠳ ᠶᠠᠷᠢᠯᠴᠠᠬᠤ ᠬᠤᠷᠠᠯ ᠳᠤ ᠣᠷᠤᠯᠴᠠᠪᠠ᠃ |