ᠯᠦᠸᠧ ᠲᠦᠸᠧ ᠱᠠᠨ ᠪᠠᠯᠭᠠᠰᠤᠨ ᠤ ᠡᠮᠡᠭᠲᠡᠶᠢᠴᠦᠳ ᠤᠨ ᠬᠤᠯᠪᠣᠭ᠎ᠠ ᠬᠠᠤᠯᠢ ᠪᠠᠷ ᠵᠠᠰᠠᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/5/7
   ᠥᠷᠭᠡᠨ ᠣᠯᠠᠨ ᠡᠮᠡᠭᠲᠡᠶᠢᠴᠦᠳ ᠤᠨ ᠬᠠᠤᠯᠢ ᠴᠠᠭᠠᠵᠠ ᠶᠢᠨ ᠤᠬᠠᠮᠰᠠᠷ ᠢ ᠤᠯᠠᠮ ᠴᠢᠩᠭᠠᠳᠬᠠᠵᠤ᠂ ᠡᠮᠡᠭᠲᠡᠶᠢᠴᠦᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠶᠢᠨ ᠲᠥᠯᠥᠭᠡ᠂ 5 ᠰᠠᠷ᠎ᠠ ᠶᠢᠨ 6 ᠤ ᠡᠳᠦᠷ  ᠯᠦᠸᠧ ᠲᠦᠸᠧ ᠱᠠᠨ ᠪᠠᠯᠭᠠᠰᠤᠨ ᠤ ᠡᠮᠡᠭᠲᠡᠶᠢᠴᠦᠳ ᠤᠨ ᠬᠤᠯᠪᠤᠭ᠎ᠠ ᠨᠢ ᠬᠠᠤᠯᠢ ᠴᠠᠭᠠᠵᠠ ᠪᠠ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠵᠦ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠮᠡᠭᠲᠡᠶᠢᠴᠦᠳ ᠤᠨ ᠡᠷᠬᠡ ᠠᠰᠢᠭ ᠢ ᠪᠠᠲᠤᠯᠠᠬᠤ ᠬᠠᠤᠯᠢ﹀ ᠶᠢ ᠬᠡᠷᠡᠭᠵᠢᠭᠦᠯᠬᠦ ᠠᠷᠭ᠎ᠠ︾᠂ ᠡᠮᠡᠭᠲᠡᠶᠢᠴᠦᠳ ᠤᠨ ︽ᠬᠤᠶᠠᠷ ᠥᠮᠡᠨ︾ ᠢ ᠰᠢᠭᠰᠢᠨ ᠪᠠᠶᠢᠴᠠᠭᠠᠵᠤ ᠠᠪᠤᠷᠠᠨ ᠲᠤᠰᠠᠯᠠᠬᠤ  ᠲᠦᠷᠦ ᠶᠢᠨ ᠪᠤᠳᠤᠯᠭ᠎ᠠ ᠵᠡᠷᠭᠡ ᠳᠤ ᠭᠤᠤᠯᠳᠠᠯᠭ᠎ᠠ ᠲᠠᠢ ᠤᠬᠠᠭᠤᠯᠭ᠎ᠠ ᠲᠠᠶᠢᠯᠤᠮᠵᠢ ᠬᠢᠵᠡᠢ᠃  ᠠᠬᠤᠢ ᠲᠠᠯᠠᠪᠠᠶ ᠳᠤ ᠤᠬᠠᠭᠤᠯᠭ᠎ᠠ ᠶᠢᠨ ᠮᠠᠲ᠋ᠧᠷᠢᠶᠠᠯ᠂ ᠤᠬᠠᠭᠤᠯᠭ᠎ᠠ ᠶᠢᠨ ᠪᠤᠳᠠᠰ ᠲᠠᠷᠬᠠᠭᠠᠬᠤ ᠵᠡᠷᠭᠡ ᠬᠡᠯᠪᠡᠷᠢ ᠪᠠᠷ ᠣᠯᠠᠨ ᠲᠦᠮᠡᠨ ᠳᠤ ᠬᠠᠤᠯᠢ ᠴᠠᠭᠠᠵᠠ ᠲᠦᠷᠢᠮ ᠲᠤᠭᠳᠠᠭᠠᠯ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ᠂ ᠡᠮᠡᠭᠲᠡᠶᠢᠴᠦᠳ ᠤᠨ ᠡᠷᠭᠡ ᠠᠰᠢᠭ ᠪᠠ ᠡᠷᠡᠭᠦᠯ ᠮᠡᠨᠳᠦ ᠵᠡᠷᠭᠡ ᠳᠤ ᠬᠤᠯᠪᠤᠭᠳᠠᠭᠰᠠᠨ ᠬᠠᠮᠢᠶ᠎ᠠ ᠪᠥᠬᠦᠶ ᠮᠡᠳᠡᠯᠭᠡ ᠶᠢ ᠤᠬᠠᠭᠤᠯᠵᠤ᠂ ᠳᠥᠭᠦᠮ ᠣᠶᠢᠯᠠᠭᠠᠮᠵᠢᠲᠠᠶ ᠠᠷᠭ᠎ᠠ ᠮᠠᠶ᠋ᠢᠭ ᠢᠶᠠᠷ  ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠮᠡᠭᠲᠡᠶᠢᠴᠦᠳ ᠤᠨ ᠡᠷᠬᠡ ᠠᠰᠢᠭ ᠢ ᠪᠠᠲᠤᠯᠠᠬᠤ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠡᠷ ᠪᠦᠯᠢ ᠶᠢᠨ ᠬᠦᠴᠦᠷᠬᠡᠭᠯᠡᠯ ᠢ ᠡᠰᠡᠷᠭᠦᠴᠡᠬᠦ ᠬᠠᠤᠯᠢ︾ ᠵᠡᠷᠭᠡ ᠬᠠᠤᠯᠢ ᠲᠦᠷᠢᠮ ᠤᠨ ᠠᠭᠤᠯᠭ᠎ᠠ ᠶᠢ ᠲᠠᠶᠢᠯᠪᠤᠷᠢᠯᠠᠭᠠᠳ᠂ ᠡᠮᠡᠭᠲᠡᠶᠢᠴᠦᠳ ᠤᠨ ᠬᠠᠤᠯᠢ ᠪᠠᠷ ᠵᠠᠰᠠᠬᠤ ᠦᠵᠡᠯᠲᠡ ᠪᠠ ᠡᠷᠬᠡ ᠠᠰᠢᠭ ᠢᠶᠠᠨ ᠬᠠᠮᠠᠭᠠᠯᠠᠬᠤ ᠤᠬᠠᠮᠰᠠᠷ ᠢ  ᠳᠡᠭᠡᠭᠰᠢᠯᠡᠭᠦᠯᠵᠦ᠂ ᠡᠮᠡᠭᠲᠡᠶᠢᠴᠦᠳ ᠤᠨ ᠬᠠᠤᠯᠢ ᠶᠣᠰᠣᠨ ᠤ ᠡᠷᠬᠡ ᠠᠰᠢᠭ ᠢᠶᠠᠨ ᠬᠠᠮᠠᠭᠠᠯᠠᠬᠤ ᠢᠲᠡᠭᠡᠯ ᠪᠠ ᠴᠢᠳᠠᠪᠤᠷᠢ ᠶᠢ ᠨᠡᠮᠡᠭᠳᠡᠬᠦᠯᠪᠡ᠃ ᠳᠠᠷᠠᠭᠠᠴᠢ ᠶᠢᠨ ᠠᠯᠬᠤᠮ ᠳᠤ᠂ ᠯᠦᠸᠧ ᠲᠦᠸᠧ ᠱᠠᠨ ᠪᠠᠯᠭᠠᠰᠤᠨ ᠤ ᠡᠮᠡᠭᠲᠡᠶᠢᠴᠦᠳ ᠤᠨ ᠬᠤᠯᠪᠣᠭ᠎ᠠ ᠨᠢ ᠤᠯᠠᠨ ᠶᠠᠩᠵᠤ ᠶᠢᠨ ᠬᠠᠤᠯᠢ ᠲᠦᠭᠡᠮᠡᠯᠵᠢᠭᠦᠯᠬᠦ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠬᠠᠤᠯᠢ ᠶᠢ ᠬᠦᠨᠳᠦᠳᠬᠡᠬᠦ᠂ ᠬᠠᠤᠯᠢ ᠶᠢ ᠰᠤᠷᠤᠯᠴᠠᠬᠤ᠂ ᠬᠠᠤᠯᠢ ᠶᠢ ᠰᠠᠬᠢᠬᠤ᠂ ᠬᠠᠤᠯᠢ ᠶᠢ ᠬᠡᠷᠡᠭᠯᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠵᠤ᠂ ᠡᠶ᠎ᠡ ᠵᠣᠬᠢᠴᠠᠩᠭᠤᠢ ᠭᠡᠷ ᠪᠦᠯᠢ᠂ ᠡᠶ᠎ᠡ ᠵᠣᠬᠢᠴᠠᠩᠭᠤᠢ ᠨᠡᠶᠢᠭᠡᠮ ᠢ ᠪᠠᠶᠢᠭᠤᠯᠬᠤ ᠳᠤ ᠡᠮᠡᠭᠲᠡᠶᠢᠴᠦᠳ ᠤᠨ ᠬᠦᠴᠦᠨ ᠴᠢᠳᠠᠯ ᠢᠶᠠᠨ ᠡᠷᠭᠦᠬᠦ ᠪᠠᠷ ᠪᠠᠶᠢᠨ᠎ᠠ᠃
 
ᠢᠷᠡᠯᠲᠡ᠄ ᠯᠦᠸᠧ ᠲᠦᠸᠧ ᠱᠠᠨ ᠪᠠᠯᠭᠠᠰᠤᠨ  ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号