ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 3 ᠤ ᠴᠠᠭᠢᠯᠭᠠᠨ ᠮᠡᠳᠡᠭᠡ ᠲᠠᠪᠤᠨ ᠰᠠᠷ᠎ᠠ ᠶᠢᠨ | ᠳᠥᠷᠪᠡᠨ ᠤ ᠵᠠᠯᠠᠭᠤᠴᠤᠳ ᠤᠨ ᠪᠠᠶᠠᠷ ᠬᠦᠷᠴᠦ ᠢᠷᠡᠬᠦ ᠲᠠᠰᠢᠷᠠᠮ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ | ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ | ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠰᠢᠨᠵᠢᠶᠠᠩ ᠤᠨ ᠺᠢᠽᠢᠯᠰᠦ᠋ ᠶᠢᠨ ᠭᠢᠷᠭᠢᠰ ᠤᠨ ᠥᠪᠡᠷᠲᠡᠭᠡᠨ ᠵᠠᠰᠠᠬᠤ ᠵᠧᠦ ᠶᠢᠨ | ᠠᠲ᠋ᠦ᠋ᠱ ᠬᠤᠳᠠ ᠶᠢᠨ ᠺᠠᠷᠠ ᠵᠢᠶᠦ᠋ᠨ ᠰᠢᠶᠠᠩ ᠤᠨ ᠰᠢᠶᠤᠶ᠋ᠢᠲ᠋ᠧ ᠪᠠᠭ᠎ᠠ ᠰᠤᠷᠭᠠᠭᠤᠯᠢ ᠶᠢᠨ ᠬᠢᠯᠢ ᠶᠢ ᠰᠠᠬᠢᠨ ᠬᠠᠮᠠᠭᠠᠯᠠᠵᠤ | ᠰᠤᠷᠭᠠᠨ ᠬᠥᠮᠦᠵᠢᠯ ᠢ ᠳᠡᠮᠵᠢᠬᠦ ᠪᠠᠷᠠᠭᠤᠨ ᠣᠷᠣᠨ ᠤ ᠲᠥᠯᠥᠪᠯᠡᠭᠡ ᠶᠢᠨ ᠰᠠᠶᠢᠨ ᠲᠤᠷᠠᠴᠤᠳ ᠤᠨ ᠦᠢᠯᠡᠴᠢᠯᠡᠭᠡᠨ ᠤ | ᠠᠩᠭᠢ ᠶᠢᠨ ᠪᠦᠭᠦ ᠭᠡᠰᠢᠭᠦᠳ ᠲᠤ ᠬᠠᠷᠢᠭᠤ ᠵᠠᠬᠢᠳᠠᠯ ᠢᠯᠡᠭᠡᠵᠦ᠂ ᠪᠦᠭᠦ ᠤᠯᠤᠰ ᠤᠨ ᠥᠷᠭᠡᠨ ᠣᠯᠠᠨ ᠵᠠᠯᠠᠭᠤᠴᠤᠳ ᠲᠤ | ᠪᠠᠶᠠᠷ ᠤᠨ ᠡᠳᠦᠷ ᠤᠨ ᠮᠡᠨᠳᠦᠴᠢᠯᠡᠯ ᠬᠦᠷᠭᠡᠬᠦ ᠶᠢᠨ ᠬᠠᠮᠲᠤ ᠨᠠᠨᠳᠢᠨ ᠬᠦᠰᠡᠯ ᠳᠤᠷᠠᠳᠴᠠᠢ᠃ | ᠰᠢ ᠶᠢᠨ ᠫᠢᠩ ᠬᠠᠷᠢᠭᠤ ᠵᠠᠬᠢᠳᠠᠯ ᠳᠠᠭᠠᠨ᠂ ᠲᠠ ᠨᠠᠷ ᠨᠠᠮ ᠤᠨ ᠤᠷᠢᠶᠠᠯᠠᠭ᠎ᠠ ᠶᠢ ᠳᠠᠭᠠᠵᠤ ᠪᠠᠷᠠᠭᠤᠨᠳᠡᠬᠢ ᠬᠢᠯᠢ | ᠬᠢᠵᠠᠭᠠᠷ ᠣᠷᠣᠨ ᠳᠤ ᠬᠦᠷᠴᠦ ᠪᠢᠴᠢᠭ ᠵᠢᠭᠠᠵᠤ ᠬᠥᠮᠥᠨ ᠬᠥᠮᠥᠵᠢᠭᠦᠯᠵᠦ᠂ ᠲᠤᠬᠠᠢ ᠶᠢᠨ ᠭᠠᠵᠠᠷ ᠤᠨ ᠰᠤᠷᠭᠠᠨ | ᠬᠥᠮᠦᠵᠢᠯ ᠤᠨ ᠦᠢᠯᠡᠰ ᠤᠨ ᠬᠥᠭᠵᠢᠯᠲᠡ ᠶᠢ ᠠᠬᠢᠭᠤᠯᠬᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ᠂ | ᠬᠢᠯᠢ ᠬᠢᠵᠠᠭᠠᠷ ᠣᠷᠣᠨ ᠢ ᠬᠥᠭᠵᠢᠭᠦᠯᠦᠨ ᠠᠷᠠᠳ ᠢ ᠪᠠᠶᠠᠵᠢᠭᠤᠯᠬᠤ ᠪᠠ ᠬᠢᠯᠢ ᠬᠢᠵᠠᠭᠠᠷ ᠢ ᠲᠣᠭᠲᠠᠪᠤᠷᠢᠵᠢᠭᠤᠯᠬᠤ ᠳᠤ | ᠢᠳᠡᠪᠬᠢᠲᠡᠢ ᠦᠢᠯᠡᠳᠦᠯ ᠪᠠᠳᠠᠷᠠᠭᠤᠯᠵᠤ᠂ ᠥᠪᠡᠷ ᠢᠶᠠᠨ ᠴᠦ ᠳᠠᠪᠲᠠᠭᠳᠠᠨ ᠪᠣᠯᠪᠠᠰᠤᠷᠠᠵᠤ ᠦᠰᠦᠨ ᠪᠤᠶᠢᠵᠢᠭᠰᠠᠨ ᠪᠠᠶᠢᠨ᠎ᠠ | ᠭᠡᠵᠦ ᠬᠡᠯᠡᠪᠡ᠃ | ᠰᠢ ᠶᠢᠨ ᠫᠢᠩ᠂ ᠡᠳᠡᠭᠡᠷ ᠵᠢᠯ ᠤᠳ ᠲᠤ ᠨᠡᠩ ᠤᠯᠠᠨ ᠵᠠᠯᠠᠭᠤᠴᠤᠳ ᠪᠠᠷᠠᠭᠤᠨ ᠣᠷᠣᠨ ᠳᠤ ᠣᠴᠢᠵᠤ᠂ | ᠬᠥᠳᠡᠭᠡ ᠲᠣᠰᠬᠤᠨ ᠳᠤ ᠣᠴᠢᠵᠤ᠂ ᠦᠨᠳᠦᠰᠦᠨ ᠱᠠᠲᠤᠨ ᠳᠤ ᠣᠴᠢᠵᠤ ᠰᠠᠶᠢᠨ ᠳᠤᠷ᠎ᠠ ᠠᠴᠠ ᠪᠠᠨ ᠦᠢᠯᠡᠴᠢᠯᠡᠬᠦ ᠵᠠᠮ ᠢ | ᠰᠣᠩᠭᠤᠵᠤ᠂ ᠬᠠᠷᠠᠮ ᠦᠭᠡᠢ ᠵᠣᠷᠢᠭᠤᠯᠵᠤ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠵᠠᠯᠠᠭᠤᠴᠤᠳ ᠤᠨ ᠴᠤᠭ | ᠪᠠᠳᠠᠷᠠᠩᠭᠤᠢ ᠥᠭᠡᠳᠡᠯᠡᠨ ᠲᠠᠪᠰᠢᠬᠤ ᠤᠶᠤᠨ ᠰᠠᠨᠠᠭᠠᠨ ᠤ ᠳᠦᠷᠰᠦ ᠪᠠᠶᠢᠳᠠᠯ ᠪᠣᠯᠣᠨ ᠤᠯᠤᠰ ᠢᠶᠠᠨ ᠬᠦᠴᠦᠷᠬᠡᠭᠵᠢᠭᠦᠯᠬᠦ ᠳᠤ | ᠮᠢᠨᠤ ᠬᠠᠷᠢᠭᠤᠴᠠᠯᠭ᠎ᠠ ᠡᠭᠦᠷᠭᠡᠯᠡᠯ ᠪᠠᠶᠢᠬᠤ ᠶᠢ ᠢᠯᠡᠷᠡᠭᠦᠯᠪᠡ᠃ ᠥᠷᠭᠡᠨ ᠣᠯᠠᠨ ᠵᠠᠯᠠᠭᠤᠴᠤᠳ ᠬᠦᠰᠡᠯᠡᠩ ᠢᠲᠡᠭᠡᠯ | ᠪᠢᠰᠢᠷᠡᠯ ᠢᠶᠠᠨ ᠪᠠᠲᠤᠳᠬᠠᠵᠤ᠂ ᠡᠬᠡ ᠤᠯᠤᠰ ᠤᠨ ᠬᠠᠶᠢᠷ᠎ᠠ ᠰᠡᠳᠬᠢᠯᠭᠡ ᠪᠠᠨ ᠵᠤᠵᠠᠭᠠᠳᠬᠠᠵᠤ᠂ ᠴᠠᠭᠠᠷᠠᠭᠰᠠᠨ ᠡᠷᠳᠡᠮ | ᠴᠢᠳᠠᠪᠤᠷᠢ ᠶᠢ ᠳᠠᠪᠲᠠᠨ ᠪᠤᠯᠪᠠᠰᠤᠷᠠᠭᠤᠯᠵᠤ᠂ ᠲᠡᠮᠡᠴᠡᠯ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠡᠬᠡ ᠤᠯᠤᠰ ᠪᠣᠯᠣᠨ | ᠠᠷᠠᠳ ᠲᠦᠮᠡᠨ ᠤ ᠬᠠᠮᠤᠭ ᠤᠨ ᠬᠡᠷᠡᠭᠴᠡᠭᠡ ᠲᠠᠢ ᠭᠠᠵᠠᠷ ᠲᠤ ᠬᠦᠷᠴᠦ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠤ ᠵᠠᠯᠠᠭᠤ ᠨᠠᠰᠤᠨ ᠤ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ | ᠪᠠᠶᠢᠨ᠎ᠠ ᠭᠡᠵᠦ ᠴᠢᠬᠤᠯᠠᠴᠢᠯᠠᠪᠠ᠃ | ᠰᠢᠶᠤᠶ᠋ᠢᠲ᠋ᠧ ᠪᠠᠭ᠎ᠠ ᠰᠤᠷᠭᠠᠭᠤᠯᠢ ᠪᠣᠯ ᠬᠢᠯᠢ ᠶᠢᠨ ᠱᠤᠭᠤᠮ ᠠᠴᠠ 47 ᠺᠢᠯᠣᠮᠧᠳ᠋ᠷ ᠵᠠᠶᠢᠲᠠᠢ᠂ ᠭᠤᠣᠯᠳᠠᠭᠤ | ᠭᠢᠷᠭᠢᠰ ᠦᠨᠳᠦᠰᠦᠲᠡᠨ ᠤ ᠰᠤᠷᠤᠬᠴᠢᠳ ᠢᠶᠠᠷ ᠪᠦᠷᠢᠯᠳᠦᠭᠰᠡᠨ ᠲᠣᠰᠬᠤᠨ ᠤ ᠲᠠᠰ ᠤᠨ ᠪᠠᠭ᠎ᠠ ᠰᠤᠷᠭᠠᠭᠤᠯᠢ ᠪᠠᠶᠢᠵᠤ᠂ | 2022 ᠣᠨ ᠤ 8 ᠰᠠᠷ᠎ᠠ ᠳᠤ ᠺᠢᠽᠢᠯᠰᠦ᠋ ᠵᠧᠦ ᠶᠢᠨ ᠠᠩᠬᠠᠳᠠᠭᠴᠢ ᠪᠠᠷᠠᠭᠤᠨ ᠣᠷᠣᠨ ᠤ ᠲᠥᠯᠥᠪᠯᠡᠭᠡ ᠶᠢᠨ ᠰᠠᠶᠢᠨ | ᠳᠤᠷᠠᠴᠤᠳ ᠠᠴᠠ ᠰᠤᠷᠭᠠᠭᠤᠯᠢ ᠶᠢ ᠳᠠᠭᠠᠭᠠᠴᠢᠯᠠᠨ ᠰᠤᠷᠭᠠᠨ ᠬᠥᠮᠦᠵᠢᠯ ᠢ ᠳᠡᠮᠵᠢᠬᠦ ᠲᠤᠷᠰᠢᠯᠲᠠ ᠶᠢᠨ ᠰᠤᠷᠭᠠᠭᠤᠯᠢ ᠪᠣᠯᠵᠠᠢ᠃ | ᠣᠶᠢᠷ᠎ᠠ ᠳᠤ᠂ ᠰᠢᠶᠤᠶ᠋ᠢᠲ᠋ᠧ ᠪᠠᠭ᠎ᠠ ᠰᠤᠷᠭᠠᠭᠤᠯᠢ ᠶᠢᠨ ᠬᠢᠯᠢ ᠶᠢ ᠰᠠᠬᠢᠨ ᠬᠠᠮᠠᠭᠠᠯᠠᠵᠤ ᠰᠤᠷᠭᠠᠨ ᠬᠥᠮᠦᠵᠢᠯ ᠢ ᠳᠡᠮᠵᠢᠬᠦ | ᠪᠠᠷᠠᠭᠤᠨ ᠣᠷᠣᠨ ᠤ ᠲᠥᠯᠥᠪᠯᠡᠭᠡ ᠶᠢᠨ ᠰᠠᠶᠢᠨ ᠳᠤᠷᠠᠴᠤᠤᠨ ᠤᠨ ᠦᠢᠯᠡᠴᠢᠯᠡᠭᠡᠨ ᠤ ᠠᠩᠭᠢ ᠶᠢᠨ ᠭᠡᠰᠢᠭᠦᠳ ᠶᠡᠷᠦᠩᠬᠡᠢ | ᠱᠦᠵᠢ ᠰᠢ ᠶᠢᠨ ᠫᠢᠩ ᠳᠤ ᠵᠠᠬᠢᠳᠠᠯ ᠪᠢᠴᠢᠵᠦ᠂ ᠬᠢᠯᠢ ᠶᠢ ᠰᠠᠬᠢᠨ ᠬᠠᠮᠠᠭᠠᠯᠠᠵᠤ ᠰᠤᠷᠭᠠᠨ ᠬᠥᠮᠦᠵᠢᠯ ᠢ ᠳᠡᠮᠵᠢᠭᠰᠡᠨ ᠪᠠᠶᠢᠳᠠᠯ | ᠪᠠ ᠲᠥᠷᠥᠭᠳᠡᠯ ᠢᠶᠠᠨ ᠬᠠᠷᠢᠭᠤ ᠮᠡᠳᠡᠭᠦᠯᠵᠦ᠂ ᠪᠠᠷᠠᠭᠤᠨ ᠣᠷᠣᠨ ᠳᠤ ᠦᠨᠳᠦᠰᠦᠯᠡᠵᠦ᠂ ᠬᠢᠯᠢ ᠬᠢᠵᠠᠭᠠᠷ ᠣᠷᠣᠨ ᠳᠤ | ᠦᠢᠯᠡᠴᠢᠯᠡᠬᠦ ᠵᠣᠷᠢᠭ ᠢᠶᠠᠨ ᠢᠯᠡᠳᠬᠡᠵᠡᠢ᠃ |