ᠬᠤᠰᠢᠭᠤ ᠨᠠᠮ ᠤᠨ ᠬᠤᠷᠢᠶᠠᠨ ᠤ ᠤ ᠪᠠᠶᠢᠩᠭᠤ ᠶᠢᠨ ᠬᠤᠷᠢᠶᠠᠨ ᠤ ︵ᠥᠷᠭᠡᠳᠬᠡᠭᠰᠡᠨ︶ ᠬᠤᠷᠠᠯ ᠵᠢᠴᠢ ᠪᠥᠬᠦ ᠬᠤᠰᠢᠭᠤᠨ ᠤ ᠠᠵᠤ ᠠᠬᠤᠢ ᠶᠢᠨ ᠠᠵᠢᠯ ᠤᠨ ᠵᠠᠳᠠᠯᠤᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/5/8
   5 ᠰᠠᠷ᠎ᠠ ᠶᠢᠨ 7 ᠤ ᠡᠳᠦᠷ᠂ ᠲᠠᠶᠢᠹᠤᠰᠧ ᠬᠤᠰᠢᠭᠤᠨ ᠤ ᠨᠠᠮ ᠤᠨ ᠬᠤᠷᠢᠶ᠎ᠠ ᠨᠢ 134 ᠳ᠋ᠤᠭᠡᠷ ᠤᠳᠠᠭᠠᠨ ᠤ ᠪᠠᠶᠢᠩᠭᠤ ᠶᠢᠨ ᠬᠤᠷᠢᠶᠠᠨ ᠤ ︵ᠥᠷᠭᠡᠳᠬᠡᠭᠰᠡᠨ︶ ᠬᠤᠷᠠᠯ ᠵᠢᠴᠢ ᠪᠥᠬᠦ ᠬᠤᠰᠢᠭᠤᠨ ᠤ ᠠᠵᠤ ᠠᠬᠤᠶ ᠶᠢᠨ ᠠᠵᠢᠯ ᠤᠨ ᠵᠠᠳᠠᠯᠤᠯᠲᠠ ᠶᠢᠨ ᠬᠤᠷᠠᠯ ᠬᠤᠷᠠᠯᠳᠤᠭᠤᠯᠵᠤ᠂ ᠣᠶᠢᠷ᠎ᠠ ᠶᠢᠨ ᠬᠤᠭᠤᠴᠠᠭᠠᠨ ᠤ ᠠᠶᠤᠯᠭᠦᠶ ᠦᠢᠯᠡᠳᠪᠦᠷᠢᠯᠡᠯ ᠤᠨ ᠠᠵᠢᠯ ᠤᠨ ᠲᠤᠬᠠᠶ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠳᠡᠭᠡᠳᠦ ᠱᠠᠲᠤᠨ ᠤ ᠬᠤᠯᠪᠣᠭᠳᠠᠯ ᠪᠥᠬᠦᠶ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠲᠤᠤᠱᠯᠠᠭᠤᠯᠵᠤ᠂ ᠠᠶᠤᠯᠭᠦᠶ ᠦᠢᠯᠡᠳᠪᠦᠷᠢᠯᠡᠯ ᠤᠨ ᠠᠵᠢᠯ᠂ ᠬᠤᠶᠠᠳᠤᠭᠠᠷ ᠤᠯᠠᠷᠢᠯ ᠤᠨ ᠠᠵᠤ ᠠᠬᠤᠶ ᠶᠢᠨ ᠠᠵᠢᠯ ᠪᠣᠯᠤᠨ ᠳᠡᠭᠡᠷ᠎ᠡ ᠬᠠᠭᠠᠰ ᠵᠢᠯ ᠤᠨ ᠡᠯ᠎ᠡ ᠵᠦᠢᠯ ᠤᠨ  ᠡᠬᠦᠷᠭᠡ ᠬᠠᠷᠠᠯᠲᠠ ᠶᠢᠨ ᠲᠤᠬᠠᠶ ᠪᠠᠶᠢᠷᠢᠯᠠᠭᠤᠯᠤᠯᠲᠠ ᠬᠢᠪᠠ᠃ ᠬᠤᠰᠢᠭᠤ ᠨᠠᠮ ᠤᠨ ᠬᠤᠷᠢᠶᠠᠨ ᠤ ᠱᠦᠵᠢ ᠴᠧᠨ ᠶᠠᠨ ᠪᠦᠦ ᠬᠤᠷᠠᠯ  ᠡᠷᠬᠢᠯᠡᠵᠦ ᠶᠠᠷᠢᠶ᠎ᠠ ᠲᠠᠯᠪᠢᠵᠠᠶ᠃ ᠬᠤᠷᠠᠯ ᠠᠴᠠ ᠡᠯ᠎ᠡ ᠰᠤᠮᠤ ᠰᠢᠶᠠᠩ ᠪᠠᠯᠭᠠᠰᠤ ᠡᠯ᠎ᠡ ᠰᠠᠯᠠᠭ᠎ᠠ ᠮᠥᠴᠢᠷ ᠤᠨ ᠬᠢᠨ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠳᠠᠯᠠᠨ᠂ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠡᠯ᠎ᠡ ᠬᠦᠷᠢᠶ᠎ᠡ ᠴᠠᠷᠠᠭᠠᠨ ᠤ ᠠᠵᠢᠯ ᠢ ᠪᠣᠳᠠᠲᠠᠶ ᠠᠳᠬᠤᠵᠤ ᠨᠠᠷᠢᠯᠢᠭ ᠠᠳᠬᠤᠬᠤ ᠬᠡᠷᠡᠭᠲᠡᠶ᠃ ᠬᠥᠭᠵᠢᠯᠲᠡ ᠶᠢᠨ ᠢᠲᠡᠭᠡᠯ ᠵᠣᠷᠢᠭ ᠢᠶᠠᠨ ᠪᠠᠲᠤᠳᠬᠠᠵᠤ᠂ ᠲᠦᠷᠦᠯ ᠵᠦᠢᠯ ᠤᠨ ᠪᠠᠶᠢᠭᠤᠯᠤᠯᠲᠠ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ᠂ ᠠᠵᠤ ᠠᠬᠤᠶᠢᠯᠠᠯ ᠢ ᠬᠠᠪᠰᠤᠷᠤᠨ ᠠᠵᠢᠯ ᠤᠯᠭᠤᠯᠳᠠ ᠶᠢ ᠠᠬᠢᠭᠤᠯᠬᠤ᠂ ᠠᠶᠤᠯᠭᠦᠢ ᠦᠢᠯᠡᠳᠪᠦᠷᠢᠯᠡᠯ ᠢ ᠴᠢᠩᠭᠠᠳᠬᠠᠬᠤ ᠵᠡᠷᠭᠡ ᠭᠤᠣᠯᠳᠠᠯᠭ᠎ᠠ ᠲᠠᠢ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠬᠤᠶᠠᠳᠤᠭᠠᠷ ᠤᠯᠠᠷᠢᠯ ᠳᠤ ᠪᠦᠬᠦ ᠬᠦᠴᠦᠨ ᠢᠶᠠᠷ ᠡᠷᠡᠯᠬᠡᠭᠯᠡᠨ ᠲᠡᠮᠡᠴᠡᠵᠦ ᠪᠠᠶᠢᠭᠠᠳ᠂ ᠳᠡᠭᠡᠷ᠎ᠡ ᠬᠠᠭᠠᠰ ᠵᠢᠯ ᠤᠨ ᠡᠯ᠎ᠡ ᠲᠦᠷᠦᠯ ᠤᠨ ᠡᠭᠦᠷᠭᠡ ᠬᠠᠷᠠᠯᠳᠠ ᠶᠢᠨ ︽ᠬᠤᠣᠰ ᠲᠠᠪᠠᠯᠳᠠ︾ ᠶᠢ ᠪᠡᠶᠡᠯᠡᠭᠦᠯᠬᠦ ᠬᠡᠷᠡᠭᠲᠡᠢ᠃  ᠣᠳᠣᠬᠠᠨ ᠤ ᠠᠵᠤ ᠠᠬᠤᠢ ᠶᠢᠨ ᠪᠠᠶᠢᠳᠠᠯ ᠤᠨ ᠲᠤᠬᠠᠢ ᠨᠠᠮ ᠤᠨ ᠲᠥᠪ ᠬᠤᠷᠢᠶᠠᠨ ᠤ ᠰᠢᠨᠵᠢᠯᠡᠬᠦ ᠤᠬᠠᠭᠠᠨᠴᠢ ᠮᠠᠭᠠᠳᠯᠠᠯᠲᠠ ᠶᠢ ᠭᠦᠨᠵᠡᠭᠡᠢ ᠤᠶᠢᠯᠠᠭᠠᠨ᠂ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠳᠡᠭᠡᠳᠦ ᠱᠠᠲᠤᠨ ᠤ ᠪᠠᠶᠢᠷᠢᠯᠠᠭᠤᠯᠤᠯᠲᠠ ᠶᠣᠰᠣᠭᠠᠷ ᠠᠵᠢᠯ ᠶᠠᠪᠤᠳᠠᠯ ᠢᠶᠠᠨ ᠰᠠᠶᠢᠲᠤᠷ ᠬᠢᠵᠦ᠂ ᠭᠠᠵᠠᠷ ᠣᠷᠣᠨ ᠤ ᠠᠵᠤ ᠠᠬᠤᠢ ᠶᠢᠨ ᠬᠥᠭᠵᠢᠯᠲᠡ ᠳᠤ ᠬᠤᠪᠢ ᠨᠡᠮᠡᠷᠢ ᠦᠵᠡᠭᠦᠯᠬᠦ ᠬᠡᠷᠡᠭᠲᠡᠢ᠃ ᠠᠶᠤᠯ ᠲᠦᠭᠰᠢᠭᠦᠷᠢ ᠶᠢ ᠪᠠᠶᠢᠴᠠᠭᠠᠨ ᠠᠷᠢᠯᠭᠠᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠬᠦᠨᠳᠦ ᠶᠡᠭᠡ  ᠤᠰᠤᠯ ᠠᠳᠡᠯ ᠭᠠᠷᠬᠤ ᠶᠢ ᠡᠷᠡᠰ ᠰᠡᠷᠭᠡᠶᠢᠯᠡᠨ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠪᠣᠯᠤᠨ ᠨᠡᠶᠢᠭᠡᠮ ᠤᠨ ᠶᠡᠭᠡ ᠲᠠᠯ᠎ᠠ ᠶᠢᠨ ᠠᠮᠤᠷ ᠲᠣᠭᠲᠠᠭᠤᠨ ᠢ ᠦᠨᠡᠨ ᠬᠦ ᠪᠠᠲᠤᠯᠠᠬᠤ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂  ᠬᠤᠰᠢᠭᠤ ᠳᠠᠷᠤᠭ᠎ᠠ ᠵᠠᠩ ᠶᠦᠩ ᡁᠢ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠭᠤᠣᠯᠳᠠᠯᠭ᠎ᠠ ᠲᠠᠢ ᠠᠵᠢᠯ ᠵᠢᠴᠢ ᠡᠯ᠎ᠡ ᠲᠤᠰᠬᠠᠢ ᠲᠦᠷᠦᠯ ᠤᠨ ᠬᠦᠷᠢᠶ᠎ᠡ ᠴᠠᠷᠠᠭᠠᠨ ᠤ ᠭᠤᠣᠯᠳᠠᠯᠭ᠎ᠠ ᠲᠠᠢ ᠠᠵᠢᠯ ᠳᠤ ᠪᠠᠶᠢᠷᠢᠯᠠᠭᠤᠯᠤᠯᠳᠠ ᠬᠢᠵᠡᠢ᠃ ᠬᠤᠷᠠᠯ ᠲᠡᠭᠡᠷ᠎ᠡ ᠪᠠᠰᠠ ᠤᠢᠢᠷ᠎ᠠ ᠶᠢᠨ ᠬᠤᠭᠤᠴᠠᠭᠠᠨ ᠤ ᠡᠯ᠎ᠡ ᠲᠦᠷᠦᠯ ᠤᠨ ᠭᠤᠣᠯᠳᠠᠯᠭ᠎ᠠ ᠲᠠᠢ ᠠᠵᠢᠯ ᠤᠨ ᠲᠤᠬᠠᠢ ᠬᠠᠷᠢᠭᠤ ᠮᠡᠳᠡᠭᠦᠯᠦᠯᠲᠡ ᠰᠤᠨᠤᠰᠤᠭᠰᠠᠨ ᠪᠠᠶᠢᠨ᠎ᠠ᠃ ᠬᠤᠰᠢᠭᠤᠨ ᠤ ᠳᠥᠷᠪᠡᠨ ᠶᠡᠭᠡ ᠤᠳᠤᠷᠢᠳᠬᠤ ᠪᠠᠭ ᠤᠨ  ᠭᠡᠰᠢᠬᠦᠳ᠂ ᠰᠢᠭᠦᠬᠦ ᠬᠤᠷᠢᠶ᠎ᠠ ᠪᠠᠶᠢᠴᠠᠭᠠᠬᠤ ᠬᠤᠷᠢᠶᠠᠨ ᠤ ᠳᠠᠷᠤᠭ᠎ᠠ᠂ ᠡᠯ᠎ᠡ ᠰᠤᠮᠤ ᠰᠢᠶᠠᠩ ᠪᠠᠯᠭᠠᠰᠤᠨ ᠤ ᠭᠤᠤᠯ ᠬᠠᠷᠢᠭᠤᠴᠠᠯᠭᠠᠲᠠᠨ᠂ ᠬᠤᠰᠢᠭᠤ ᠬᠠᠷᠢᠶ᠎ᠠ ᠪᠠᠶᠢᠭᠤᠯᠭ᠎ᠠ ᠨᠢᠭᠡᠴᠡ᠂ ᠲᠠᠶᠢᠹᠤᠰᠧ ᠳᠤ ᠰᠠᠭᠤᠭ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ   ᠤᠨ ᠬᠠᠷᠢᠭᠤᠴᠠᠯᠭᠠᠲᠠᠨ ᠬᠤᠷᠠᠯ ᠳᠤ ᠤᠷᠤᠯᠴᠠᠪᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号