5 ᠰᠠᠷ᠎ᠠ ᠶᠢᠨ 8 ᠤ ᠡᠳᠦᠷ᠂ ᠴᠢᠶᠠᠨ ᠶᠢᠨ ᠭᠸᠦ ᠪᠠᠯᠭᠠᠰᠤ ᠣᠷᠣᠰᠢᠭᠤᠯᠭ᠎ᠠ ᠶᠢᠨ ᠥᠭᠡᠷᠡᠴᠢᠯᠡᠯᠲᠡ ᠶᠢᠨ | ᠲᠤᠰᠬᠠᠶ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠵᠤ᠂ ᠨᠠᠮ ᠤᠨ ᠬᠤᠷᠢᠶᠠᠨ ᠤ ᠱᠦᠵᠢ ᠭᠤᠤ ᠶᠢᠩ ᠵᠦᠸᠧ | ᠬᠤᠷᠠᠯ ᠢ ᠡᠷᠬᠢᠯᠡᠨ᠂ ᠪᠠᠯᠭᠠᠰᠤᠨ ᠤ ᠤᠳᠤᠷᠢᠳᠬᠤ ᠪᠠᠭ ᠤᠨ ᠭᠡᠰᠢᠬᠦᠳ᠂ ᠪᠠᠶᠢᠭᠤᠯᠭ᠎ᠠ ᠨᠢᠬᠡᠴᠡ ᠶᠢᠨ | ᠬᠠᠷᠢᠭᠤᠴᠠᠯᠭᠠᠲᠠᠨ᠂ ᠲᠣᠰᠬᠤᠨ ᠳᠠᠭᠠᠭᠠᠴᠢᠯᠠᠭᠰᠠᠨ ᠺᠠᠳ᠋ᠷ᠂ ᠲᠤᠰᠬᠤᠨ ᠤ ᠨᠠᠮ ᠤᠨ ᠡᠭᠦᠷ ᠤᠨ ᠱᠦᠵᠢ᠂ ᠳᠡᠳ᠋ | ᠱᠦᠵᠢ ︵ᠡᠷᠬᠢᠯᠡᠭᠴᠢ ᠶᠢᠨ ᠲᠤᠰᠠᠯᠠᠭᠴᠢ︶ ᠨᠠᠷ ᠬᠤᠷᠠᠯ ᠳᠤ ᠣᠷᠣᠯᠴᠠᠪᠠ᠃ ᠬᠤᠷᠠᠯ ᠲᠡᠭᠡᠷ᠎ᠡ ᠳᠡᠭᠡᠳᠦ ᠱᠠᠲᠤᠨ ᠤ | ᠰᠠᠯᠠᠭ᠎ᠠ ᠮᠥᠴᠢᠷ ᠤᠨ ᠣᠷᠣᠰᠢᠭᠤᠯᠭ᠎ᠠ ᠶᠢᠨ ᠥᠭᠡᠷᠡᠴᠢᠯᠡᠯᠲᠡ ᠶᠢᠨ ᠠᠵᠢᠯ ᠤᠨ ᠲᠤᠬᠠᠢ ᠬᠠᠮᠤᠭ ᠤᠨ ᠰᠢᠨ᠎ᠡ | ᠱᠠᠭᠠᠷᠳᠠᠯᠭ᠎ᠠ ᠶᠢ ᠤᠯᠠᠮᠵᠢᠯᠠᠵᠤ᠂ ᠤᠢᠢᠷ᠎ᠠ ᠶᠢᠨ ᠬᠤᠭᠤᠴᠠᠭᠠᠨ ᠤ ᠪᠦᠬᠦ ᠪᠠᠯᠭᠠᠰᠤᠨ ᠤ ᠣᠷᠣᠰᠢᠭᠤᠯᠭ᠎ᠠ ᠶᠢᠨ | ᠥᠭᠡᠷᠡᠴᠢᠯᠡᠯᠲᠡ ᠶᠢᠨ ᠠᠵᠢᠯ ᠤᠨ ᠠᠬᠢᠴᠠ ᠶᠢ ᠨᠡᠶᠢᠳᠡᠯᠡᠨ ᠮᠡᠳᠡᠭᠳᠡᠭᠰᠡᠨ ᠪᠥᠭᠡᠳ ᠳᠠᠷᠠᠭᠠᠴᠢ ᠶᠢᠨ ᠠᠯᠬᠤᠮ ᠤᠨ | ᠠᠵᠢᠯ ᠢ ᠪᠠᠶᠢᠷᠢᠯᠠᠭᠤᠯᠵᠠᠢ᠃ ᠬᠤᠷᠠᠯ ᠠᠴᠠ᠂ ᠡᠯ᠎ᠡ ᠲᠣᠰᠬᠤᠨ ᠡᠯ᠎ᠡ ᠰᠠᠯᠠᠭ᠎ᠠ ᠮᠥᠴᠢᠷ ᠤᠨ ᠬᠢᠨ | ᠣᠷᠣᠰᠢᠭᠤᠯᠭ᠎ᠠ ᠶᠢᠨ ᠥᠭᠡᠷᠡᠴᠢᠯᠡᠯᠲᠡ ᠶᠢᠨ ᠠᠵᠢᠯ ᠢ ᠰᠠᠶᠢᠲᠤᠷ ᠬᠢᠬᠦ ᠤᠯᠤᠰ ᠲᠥᠷᠥ ᠶᠢᠨ ᠤᠬᠠᠮᠰᠠᠷ ᠪᠣᠯᠤᠨ | ᠦᠢᠯᠡ ᠠᠵᠢᠯᠯᠠᠭᠠᠨ ᠤ ᠤᠬᠠᠮᠰᠠᠷ ᠢᠶᠠᠨ ᠤᠯᠠᠮ ᠴᠢᠩᠭᠠᠳᠬᠠᠵᠤ᠂ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ | ᠡᠬᠦᠷᠭᠡᠯᠡᠨ᠂ ᠣᠷᠣᠰᠢᠭᠤᠯᠭ᠎ᠠ ᠶᠢᠨ ᠥᠭᠡᠷᠡᠴᠢᠯᠡᠯᠲᠡ ᠶᠢᠨ ᠠᠵᠢᠯ ᠢ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠨ | ᠠᠳᠬᠤᠬᠤ ᠬᠡᠷᠡᠭᠲᠡᠶ᠃ ᠬᠤᠶᠠᠷ ᠲᠤ᠂ ᠠᠶᠢᠯ ᠡᠷᠦᠭᠡ ᠪᠠᠷ ᠭᠦᠨᠵᠡᠭᠡᠶᠢᠷᠡᠵᠦ᠂ ᠤᠯᠠᠨ ᠲᠦᠮᠡᠨ ᠲᠠᠢ ᠨᠢᠭᠤᠷᠳᠠᠨ | ᠤᠬᠠᠭᠤᠯᠵᠤ᠂ ᠤᠯᠠᠨ ᠲᠦᠮᠡᠨ ᠤ ᠦᠵᠡᠯ ᠰᠠᠨᠠᠭᠠᠨ ᠤ ᠡᠷᠡᠭᠡᠯᠵᠡᠭᠡ ᠶᠢ ᠠᠷᠢᠯᠭᠠᠨ᠂ ᠤᠯᠠᠨ ᠲᠦᠮᠡᠨ ᠤ ᠤᠬᠠᠮᠰᠠᠷ | ᠲᠠᠨᠢᠯᠳᠠ ᠶᠢ ᠬᠤᠪᠢᠷᠠᠭᠤᠯᠬᠤ ᠬᠡᠷᠡᠭᠲᠡᠢ᠃ ᠬᠢᠨᠠᠯᠲᠠ ᠬᠠᠮᠢᠶᠠᠷᠤᠯᠲᠠ ᠶᠢᠨ ᠡᠷᠴᠢᠮ ᠢ ᠴᠢᠩᠭᠠᠷᠠᠭᠤᠯᠤᠨ᠂ ᠲᠦᠷᠢᠮ | ᠲᠣᠭᠲᠠᠭᠠᠯ ᠠᠴᠠ ᠵᠦᠷᠢᠴᠡᠭᠰᠡᠨ ᠣᠷᠣᠰᠢᠭᠤᠯᠭ᠎ᠠ ᠶᠢᠨ ᠠᠵᠢᠯᠯᠠᠭ᠎ᠠ ᠶᠢ ᠪᠥᠬᠦ ᠲᠠᠯ᠎ᠠ ᠪᠠᠷ ᠪᠠᠶᠢᠴᠠᠭᠠᠨ ᠴᠡᠭᠴᠡᠯᠡᠵᠦ᠂ | ᠴᠡᠭᠴᠡᠯᠡᠨ ᠰᠠᠶᠢᠵᠢᠷᠠᠭᠤᠯᠬᠤ ᠶᠢ ᠲᠡᠪᠴᠢᠪᠠᠯ ᠬᠠᠤᠯᠢ ᠲᠦᠷᠢᠮ ᠤᠨ ᠲᠠᠭᠠᠭᠤ ᠴᠢᠩᠭ᠎ᠠ ᠰᠢᠢᠳᠪᠦᠷᠢᠯᠡᠬᠦ ᠭᠡᠷᠡᠭᠳᠡᠢ᠃ | ᠠᠵᠢᠯ ᠤᠨ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ | ᠪᠠᠶᠢᠭᠤᠯᠤᠨ᠂ ᠡᠯ᠎ᠡ ᠲᠣᠰᠬᠤᠨ ᠨᠢ ᠬᠠᠷᠢᠶ᠎ᠠ ᠣᠷᠣᠨ ᠤ ᠪᠠᠨ ᠳᠣᠲᠣᠷᠠᠬᠢ ᠬᠡᠪ ᠤᠨ ᠪᠤᠰᠤ ᠪᠠᠶᠢᠳᠠᠯ᠂ ᠰᠡᠵᠢᠭᠯᠡᠯᠲᠡᠶ | ᠪᠠᠶᠢᠳᠠᠯ ᠢ ᠴᠠᠭ ᠲᠤᠬᠠᠶ ᠳᠤᠨᠢ ᠳᠡᠭᠡᠭᠰᠢ ᠮᠡᠳᠡᠭᠦᠯᠬᠦ ᠬᠡᠷᠡᠭᠲᠡᠶ᠃ ᠣᠯᠠᠨ ᠲᠦᠮᠡᠨ ᠤ ᠬᠢᠨᠠᠯᠲᠠ ᠲᠠᠯᠪᠢᠬᠤ | ᠦᠢᠯᠡᠳᠦᠯ ᠢ ᠭᠦᠢᠴᠡᠳ ᠪᠠᠳᠠᠷᠠᠭᠤᠯᠤᠨ᠂ ᠢᠯᠡᠴᠢᠯᠡᠨ ᠮᠡᠳᠡᠭᠦᠯᠬᠦ ᠲᠣᠭᠲᠠᠴᠠ ᠶᠢ ᠪᠠᠶᠢᠭᠤᠯᠵᠦ᠂ ᠲᠦᠷᠢᠮ | ᠲᠣᠭᠲᠠᠭᠠᠯ ᠠᠴᠠ ᠵᠦᠷᠢᠴᠡᠭᠰᠡᠨ ᠣᠷᠣᠰᠢᠭᠤᠯᠭ᠎ᠠ ᠶᠢᠨ ᠠᠵᠢᠯᠯᠠᠭ᠎ᠠ ᠶᠢ ᠢᠯᠡᠴᠢᠯᠡᠨ ᠮᠡᠳᠡᠭᠦᠯᠬᠦ ᠶᠢ ᠵᠤᠷᠢᠬᠵᠢᠭᠤᠯᠵᠤ᠂ | ᠪᠦᠬᠦ ᠨᠡᠶᠢᠭᠡᠮ ᠢᠶᠠᠷ ᠢᠶᠠᠨ ᠬᠢᠨᠠᠯᠲᠠ ᠲᠠᠯᠪᠢᠭᠰᠠᠨ ᠰᠠᠶᠢᠨ ᠰᠠᠶᠢᠬᠠᠨ ᠠᠬᠤᠢ ᠪᠠᠶᠢᠳᠠᠯ ᠢ ᠪᠤᠢ ᠪᠣᠯᠭᠠᠬᠤ ᠬᠡᠷᠡᠭᠲᠡᠶ | ᠬᠡᠵᠦ ᠴᠢᠬᠤᠯᠠᠴᠢᠯᠠᠭᠰᠠᠨ ᠪᠠᠶᠢᠨ᠎ᠠ᠃ |