ᠬᠤᠰᠢᠭᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠬᠠᠮᠲᠤ ᠶᠢᠨ ᠰᠤᠷᠤᠯᠴᠠᠯᠭ᠎ᠠ ︵ᠥᠷᠭᠡᠳᠬᠡᠭᠰᠡᠨ︶᠎ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/6/10
   6 ᠰᠠᠷ᠎ᠠ ᠶᠢᠨ 9᠎ ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠴᠧᠨ ᠶᠠᠨ ᠪᠦᠦ ᠬᠤᠰᠢᠭᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠤᠨ 2025 ᠣᠨ ᠤ 6 ᠳ᠋ᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ︵ᠥᠷᠭᠡᠳᠬᠡᠭᠰᠡᠨ︶᠎ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠾᠧᠨᠠᠨ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠲᠥᠪ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ 13 ᠳ᠋ᠤᠭᠠᠷ ᠤᠳᠠᠭᠠᠨ ᠤ ᠬᠤᠷᠠᠯ ᠤᠨ ᠵᠣᠷᠢᠭ ᠰᠠᠨᠠᠭ᠎ᠠ ᠵᠢᠴᠢ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠨᠡᠶᠢᠳᠡᠯᠡᠭᠰᠡᠨ ᠨᠠᠮ ᠤᠨ ᠭᠡᠰᠢᠭᠦᠨ ᠺᠠᠳ᠋ᠷᠴᠤᠳ ᠤᠨ  ᠲᠦᠷᠢᠮ ᠲᠣᠭᠲᠠᠭᠠᠯ ᠠᠴᠠ ᠵᠥᠷᠢᠴᠡᠨ ᠢᠳᠡᠵᠦ ᠤᠤᠭᠤᠭᠰᠠᠨ ᠨᠡᠶᠢᠲᠡᠯᠢᠭ ᠬᠡᠷᠡᠭ ᠤᠨ ᠵᠢᠱᠢᠶ᠎ᠡ᠂ ︽ᠨᠠᠮ ᠤᠨ ᠬᠤᠷᠢᠶᠠᠨ ︵ᠨᠠᠮ ᠤᠨ ᠤᠳᠤᠷᠢᠳᠬᠤ ᠳᠤᠭᠤᠶᠢᠯᠠᠩ︶᠎ ᠤ ᠨᠢᠭᠡᠳᠦᠮᠡᠯ ᠹᠷᠣᠨᠲ ᠤᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠬᠤ ᠲᠤᠭᠳᠠᠭᠠᠯ︾ ᠵᠡᠷᠭᠡ ᠬᠠᠮᠢᠶ᠎ᠠ ᠪᠥᠬᠦᠶ ᠠᠭᠤᠯᠭ᠎ᠠ ᠶᠢ ᠤᠯᠠᠮᠵᠢᠯᠠᠨ ᠰᠤᠷᠤᠯᠴᠠᠪᠠ᠃ ᠬᠤᠷᠠᠯ ᠠᠴᠠ ᠴᠢᠬᠤᠯᠠᠴᠢᠯᠠᠬᠤ ᠳᠠᠭᠠᠨ᠂ ᠲᠦᠷᠢᠮ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠶᠢᠨ ᠬᠦᠨᠳᠦ ᠨᠣᠴᠢᠲᠠᠢ ᠤᠯᠤᠰ ᠲᠦᠷᠦ ᠶᠢᠨ ᠬᠤᠣᠷ ᠬᠥᠨᠥᠭᠡᠯ ᠢ ᠭᠦᠨᠵᠡᠭᠡᠢ ᠲᠠᠨᠢᠵᠤ᠂ ᠳᠡᠭᠡᠳᠦ ᠬᠡᠮᠵᠢᠶᠡᠨ ᠤ ᠰᠤᠨᠤᠷ ᠰᠡᠷᠡᠮᠵᠢ ᠪᠠ ᠦᠵᠡᠯ ᠤᠬᠠᠮᠰᠠᠷ ᠢᠶᠠᠷ ᠲᠦᠷᠢᠮ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠭᠠᠵᠢᠭᠤ ᠰᠤᠷᠲᠠᠯ ᠢ ᠬᠤᠷᠢᠭᠯᠠᠨ᠂  ᠦᠪᠡᠷ ᠤᠨ ᠪᠡᠶ᠎ᠡ ᠪᠠᠨ ᠴᠢᠩᠭ᠎ᠠ ᠱᠠᠭᠠᠷᠳᠠᠵᠤ᠂  ᠬᠠᠷᠢᠶᠠᠨ ᠳᠠᠬᠢ ᠬᠦᠮᠦᠰ ᠢᠶᠠᠨ ᠴᠢᠩᠭ᠎ᠠ ᠬᠠᠮᠢᠶᠠᠷᠴᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠰᠡᠳᠬᠢᠯ ᠰᠠᠨᠠᠭᠠᠨ ᠳᠠᠭᠠᠨ ᠰᠢᠩᠭᠡᠭᠡᠨ᠂ ᠦᠢᠯᠡ ᠠᠵᠢᠯᠯᠠᠭ᠎ᠠ ᠳᠠᠭᠠᠨ ᠢᠯᠡᠷᠡᠭᠦᠯᠬᠦ ᠬᠡᠷᠡᠭᠲᠡᠢ᠃ ᠣᠳᠣᠬᠠᠨ ᠤ ᠡᠯ᠎ᠡ ᠲᠦᠷᠦᠯ ᠤᠨ ᠠᠵᠢᠯ ᠡᠭᠦᠷᠭᠡ ᠲᠠᠢ ᠤᠶᠠᠯᠳᠤᠭᠤᠯᠤᠨ᠂ ᠬᠦᠴᠦᠯᠡᠬᠦ ᠴᠡᠭ ᠢᠶᠠᠨ ᠣᠨᠣᠪᠴᠢᠲᠠᠢ ᠣᠯᠵᠤ᠂ ᠴᠠᠭ ᠬᠤᠭᠤᠴᠠᠭᠠᠨ ᠤ ᠵᠠᠩᠭᠢᠯᠠᠭ᠎ᠠ ᠶᠢ ᠲᠤᠳᠤᠷᠬᠠᠶᠢᠯᠠᠨ᠂ ᠪᠦᠬᠦ ᠬᠦᠴᠦᠨ ᠢᠶᠠᠷ ᠰᠢᠮᠳᠠᠨ ᠴᠢᠷᠮᠠᠶᠢᠵᠤ᠂  ᠤᠷᠬᠢᠯᠤᠮ᠎ᠠ ᠬᠠᠯᠠᠭᠤᠨ ᠤᠶᠤᠨ ᠰᠠᠨᠠᠭᠠᠨ ᠤ ᠳᠦᠷᠰᠦ ᠪᠠᠶᠢᠳᠠᠯ ᠪᠣᠯᠤᠨ ᠰᠠᠶᠢᠨ ᠰᠠᠶᠢᠬᠠᠨ ᠠᠵᠢᠯ ᠤᠨ ᠰᠤᠷᠲᠠᠯ ᠢᠶᠠᠷ ᠲᠦᠰᠦᠪᠯᠡᠨ ᠲᠣᠭᠲᠠᠭᠰᠠᠨ ᠡᠭᠦᠷᠭᠡ ᠬᠠᠷᠠᠯᠲᠠ ᠪᠠᠨ ᠪᠡᠶᠡᠯᠡᠭᠦᠯᠬᠦ ᠬᠡᠷᠡᠭᠲᠡᠢ ᠬᠡᠪᠡ᠃ ᠬᠤᠷᠠᠯ ᠳᠡᠭᠡᠷ᠎ᠡ ᠪᠠᠰᠠ ᠰᠣᠶᠣᠯ ᠵᠢᠭᠤᠯᠴᠢᠯᠠᠯ ᠤᠨ  ᠠᠵᠢᠯ᠂  ᠲᠤᠰᠬᠠᠶ  ᠴᠡᠭᠴᠡᠯᠡᠯᠳᠡ ᠶᠢᠨ ᠠᠵᠢᠯ ᠢ ᠠᠬᠢᠭᠤᠯᠬᠤ ᠲᠤᠬᠠᠶ ᠪᠠᠶᠢᠷᠢᠯᠠᠭᠤᠯᠤᠯᠲᠠ ᠬᠢᠵᠡᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号