ᠠᠮᠢᠲᠠᠨ ᠤ ᠬᠢᠵᠢᠭ ᠬᠡᠮ ᠤᠨ ᠰᠡᠷᠭᠡᠶᠢᠯᠡᠨ ᠡᠵᠡᠮᠳᠡᠬᠦ ᠠᠵᠢᠯ ᠢ ᠴᠢᠩᠭᠠᠳᠬᠠᠵᠤ᠂ ᠬᠦᠨᠳᠦ ᠶᠡᠭᠡ ᠡᠪᠡᠳᠴᠢᠨ | ᠬᠢᠵᠢᠭ ᠡᠭᠦᠰᠬᠦ ᠠᠴᠠ ᠰᠡᠷᠭᠡᠶᠢᠯᠡᠬᠦ ᠶᠢᠨ ᠲᠥᠯᠥᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠠᠮᠢᠲᠠᠨ ᠤ ᠬᠢᠵᠢᠭ ᠬᠡᠮ ᠢ ᠰᠡᠷᠭᠡᠶᠢᠯᠡᠬᠦ ᠬᠠᠤᠯᠢ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠮᠢᠲᠠᠨ ᠤ ᠬᠢᠵᠢᠭ ᠭᠡᠮ ᠢ ᠰᠡᠷᠭᠡᠶᠢᠯᠡᠬᠦ ᠳᠦᠷᠢᠮ︾ ᠂ ᠬᠦᠳᠡᠭᠡ ᠠᠵᠤ ᠠᠬᠤᠢ ᠬᠥᠳᠡᠭᠡ ᠲᠣᠰᠬᠤᠨ ᠤ ᠶᠠᠮᠤᠨ ᠤ | ︽ᠮᠠᠯ ᠵᠢᠬᠦᠷᠳᠡᠨ ᠢ ᠮᠤᠵᠢ ᠠᠯᠤᠰᠯᠠᠨ ᠵᠦᠬᠡᠬᠡᠪᠦᠷᠢᠯᠡᠬᠦ ᠳᠤ ᠬᠢᠵᠢᠭ ᠬᠡᠮ ᠤᠨ ᠪᠠᠶᠢᠴᠠᠭᠠᠯᠳᠠ ᠬᠢᠬᠦ ᠳᠦᠷᠢᠮ︾᠂ ︽ | ᠠᠮᠢᠲᠠᠨ ᠤ ᠬᠢᠵᠢᠭ ᠬᠡᠮ ᠢ ᠪᠠᠶᠢᠴᠠᠭᠠᠬᠤ ᠬᠠᠮᠢᠶᠠᠷᠤᠯᠲᠠ ᠶᠢᠨ ᠠᠷᠭ᠎ᠠ︾ ᠵᠡᠷᠭᠡ ᠬᠠᠤᠯᠢ ᠲᠦᠷᠢᠮ ᠢ ᠦᠨᠳᠦᠰᠦᠯᠡᠵᠦ᠂ | ᠡᠳᠦᠭᠡ ᠭᠠᠳᠠᠨ᠎ᠠ ᠤᠷᠤᠨ ᠠᠴᠠ ᠮᠠᠯ ᠵᠢᠬᠦᠷᠳᠡᠨ ᠤᠷᠤᠭᠤᠯᠬᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠲᠤᠬᠠᠢ | ᠳᠣᠣᠷᠠᠬᠢ ᠮᠡᠲᠦ ᠵᠠᠷᠯᠠᠨ ᠮᠡᠳᠡᠭᠳᠡᠵᠦ ᠪᠠᠶᠢᠨ᠎ᠠ᠄ | ᠨᠢᠭᠡ᠂ ᠭᠠᠳᠠᠭᠠᠳᠤ ᠠᠴᠠ ᠮᠠᠯ ᠵᠢᠬᠦᠷᠳᠡᠨ ᠤᠷᠤᠭᠤᠯᠬᠤ ᠪᠠᠷ ᠪᠠᠶᠢᠭ᠎ᠠ ᠠᠵᠤ ᠠᠬᠤᠶᠢᠯᠠᠯ ᠪᠤᠶᠤ ᠬᠤᠪᠢ | ᠬᠥᠮᠦᠨ ᠨᠢ ᠤᠷᠤᠭᠤᠯᠵᠤ ᠠᠪᠴᠢᠷᠠᠬᠤ ᠠᠴᠠ ᠪᠠᠨ ᠡᠮᠦᠨ᠎ᠡ ᠡᠷᠭᠡᠪᠰᠢ ᠠᠮᠢᠲᠠᠨ ᠤ ᠡᠪᠡᠳᠴᠢᠨ ᠬᠢᠵᠢᠭ ᠢ ᠬᠢᠨᠠᠨ | ᠡᠵᠡᠮᠳᠡᠬᠦ ᠬᠤᠰᠢᠭᠤ ᠱᠠᠳᠤᠨ ᠤ ᠪᠠᠶᠢᠭᠤᠯᠤᠮᠵᠢ ᠪᠤᠯᠤᠨ ᠰᠤᠮᠤ ᠰᠢᠶᠠᠩ ᠪᠠᠯᠭᠠᠰᠤᠨ ᠤ ᠶᠡᠷᠦᠩᠬᠡᠶᠢᠯᠡᠭᠰᠡᠨ | ᠪᠠᠲᠤᠯᠠᠭ᠎ᠠ ᠶᠢᠨ ᠲᠥᠪ ᠲᠤ ᠮᠡᠳᠡᠭᠦᠯᠵᠦ᠂ ᠬᠤᠰᠢᠭᠤ ᠱᠠᠳᠤᠨ ᠤ ᠬᠢᠨᠠᠨ ᠡᠵᠡᠮᠳᠡᠬᠦ ᠪᠠᠶᠢᠭᠤᠯᠤᠮᠵᠢ ᠠᠴᠠ | ᠵᠥᠪᠰᠢᠶᠡᠷᠡᠭᠰᠡᠨ ᠤ ᠳᠠᠷᠠᠭ᠎ᠠ ᠠᠶᠢᠮᠠᠭ ᠤᠨ ᠱᠠᠳᠤᠨ ᠤ ᠬᠢᠨᠠᠨ ᠡᠵᠡᠮᠳᠡᠬᠦ ᠪᠠᠶᠢᠭᠤᠯᠤᠮᠵᠢ ᠳᠤ ᠮᠡᠳᠡᠭᠦᠯᠦᠨ | ᠲᠠᠩᠰᠠᠯᠠᠭᠤᠯᠬᠤ ᠭᠡᠷᠡᠭᠳᠡᠢ᠃ ᠭᠠᠳᠠᠭᠠᠳᠤ ᠠᠴᠠ ᠣᠷᠣᠭᠤᠯᠬᠤ ᠮᠠᠯ ᠵᠢᠭᠦᠷᠳᠡᠨ ᠨᠢ ᠡᠷᠬᠡᠪᠰᠢ ᠳᠤᠮᠳᠠᠳᠤ ᠤᠯᠤᠰ | ᠬᠢᠭᠡᠳ ᠨᠦᠬᠦᠭᠡ ᠤᠯᠤᠰ ᠤᠨ ᠵᠠᠰᠠᠭ ᠤᠨ ᠣᠷᠳᠣᠨ ᠤ ᠬᠡᠯᠡᠯᠴᠡᠵᠦ ᠲᠤᠭᠳᠠᠭᠰᠠᠨ ᠬᠢᠵᠢᠭ ᠬᠡᠮ ᠤᠨ ᠪᠠᠶᠢᠴᠠᠭᠠᠯᠳᠠ | ᠶᠢᠨ ᠭᠡᠷ᠎ᠡ ᠪᠠ ᠪᠠᠶᠢᠴᠠᠭᠠᠯᠳᠠ ᠶᠢᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠶ ᠪᠥᠭᠡᠳ ︽ᠬᠢᠯᠢ ᠪᠠᠷ | ᠣᠷᠣᠭᠤᠯᠬᠤ ᠪᠠᠷᠠᠭ᠎ᠠ ᠶᠢ ᠰᠢᠯᠭᠠᠨ ᠪᠠᠶᠢᠴᠠᠭᠠᠬᠤ ᠭᠡᠷᠡᠴᠢ ᠪᠢᠴᠢᠭ︾ ᠵᠢᠴᠢ ᠭᠠᠳᠠᠭᠠᠳᠤ ᠠᠴᠠ ᠣᠷᠣᠭᠤᠯᠬᠤ ᠭᠡᠷ᠎ᠡ᠂ | ᠪᠣᠭᠤᠮᠲᠠ ᠪᠠᠷ ᠦᠩᠬᠡᠷᠡᠬᠦ ᠭᠡᠷᠡᠴᠢ᠂ ᠰᠢᠯᠭᠠᠨ ᠪᠠᠶᠢᠴᠠᠭᠠᠭᠰᠠᠨ ᠮᠡᠳᠡᠭᠦᠯᠦᠯᠲᠡ ᠶᠢᠨ ᠬᠠᠭᠤᠳᠠᠰᠤ᠂ ᠲᠤᠰᠢᠶᠠᠵᠤ | ᠲᠤᠰᠬᠤ ᠬᠠᠭᠤᠳᠠᠰᠤ ᠵᠡᠷᠭᠡ ᠬᠠᠮᠢᠶ᠎ᠠ ᠪᠦᠬᠦᠢ ᠮᠠᠲ᠋ᠧᠷᠢᠶᠠᠯ ᠢ ᠪᠦᠷᠢᠯᠳᠦᠬᠦᠯᠦᠭᠰᠡᠨ ᠪᠠᠶᠢᠬᠤ ᠬᠡᠷᠡᠭᠲᠡᠶ᠃ ᠮᠠᠯ | ᠵᠢᠬᠦᠷᠳᠡᠨ ᠢ ᠵᠥᠭᠡᠭᠡᠪᠦᠷᠢᠯᠡᠨ ᠠᠪᠴᠢᠷᠠᠭᠰᠠᠨ ᠤ ᠳᠠᠷᠠᠭ᠎ᠠ 24 ᠴᠠᠭ ᠤᠨ ᠳᠣᠲᠣᠷ᠎ᠠ ︵ᠪᠠᠭᠤᠯᠭᠠᠬᠤ ᠠᠴᠠ ᠪᠠᠨ | ᠡᠮᠦᠨ᠎ᠡ︶ ᠬᠤᠰᠢᠭᠤ ᠱᠠᠳᠤᠨ ᠤ ᠬᠢᠨᠠᠨ ᠡᠵᠡᠮᠳᠡᠬᠦ ᠪᠠᠶᠢᠭᠤᠯᠤᠮᠵᠢ ᠪᠤᠯᠤᠨ ᠰᠤᠮᠤ ᠰᠢᠶᠠᠩ ᠪᠠᠯᠭᠠᠰᠤᠨ ᠤ | ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠪ ᠲᠤ ᠮᠡᠳᠡᠭᠦᠯᠵᠦ᠂ ᠠᠯᠪᠠᠨ ᠠᠴᠠ ᠲᠤᠮᠢᠯᠠᠭᠰᠠᠨ ᠮᠠᠯ ᠡᠮᠨᠡᠯᠭᠡ ᠶᠢᠨ | ᠲᠤᠰᠬᠠᠶ ᠮᠡᠷᠭᠡᠵᠢᠯᠳᠡᠨ ︵ᠮᠠᠯ ᠤᠨ ᠡᠮᠴᠢ︶ ᠨᠢ ᠮᠠᠯ ᠵᠢᠬᠦᠷᠳᠡᠨ ᠤ ᠡᠷᠡᠭᠦᠯ ᠮᠡᠨᠳᠦ ᠶᠢᠨ ᠪᠠᠶᠢᠳᠠᠯ ᠪᠠ ᠬᠤᠯᠪᠣᠭᠳᠠᠯ | ᠪᠥᠬᠦᠶ ᠮᠠᠲ᠋ᠧᠷᠢᠶᠠᠯ ᠢ ᠲᠤᠬᠠᠶ ᠶᠢᠨ ᠲᠠᠯᠠᠪᠤᠷ ᠲᠤ ᠰᠢᠯᠭᠠᠨ ᠪᠠᠶᠢᠴᠠᠭᠠᠵᠤ᠂ ᠮᠡᠳᠡᠭᠡ ᠵᠠᠩᠭᠢ ᠶᠢ ᠨᠢᠭᠡᠳ ᠨᠢᠭᠡ ᠪᠠᠷ | ᠬᠠᠷᠭᠤᠭᠤᠯᠤᠨ ᠲᠠᠩᠰᠠᠯᠠᠨ᠎ᠠ᠃ 30 ᠡᠳᠦᠷ ᠲᠤᠰᠠᠭᠠᠷᠯᠠᠨ ᠮᠠᠯᠵᠢᠵᠤ ᠬᠢᠨᠠᠨ ᠠᠵᠢᠭᠯᠠᠭᠠᠳ ᠬᠢᠷᠢ ᠲᠡᠩᠴᠡᠪᠡᠯ | ᠰᠦᠷᠦᠭ ᠲᠤ ᠨᠡᠶᠢᠯᠡᠬᠦᠯᠬᠦ ᠶᠢ ᠵᠦᠪᠰᠢᠶᠡᠷᠡᠵᠦ᠂ ᠬᠢᠷᠢ ᠲᠡᠩᠴᠡᠬᠦ ᠥᠬᠡᠶ ᠪᠣᠯ ᠬᠠᠮᠢᠶ᠎ᠠ ᠪᠥᠬᠦᠶ ᠲᠣᠭᠲᠠᠭᠠᠯ | ᠶᠣᠰᠣᠭᠠᠷ ᠰᠢᠢᠳᠪᠦᠷᠢᠯᠡᠨ᠎ᠡ᠃ | ᠬᠤᠶᠠᠷ᠂ ᠣᠷᠣᠨ ᠤ ᠭᠠᠳᠠᠨ᠎ᠠ ᠠᠴᠠ ᠮᠠᠯ ᠵᠢᠭᠦᠷᠳᠡᠨ ᠪᠤᠶᠤ ᠮᠠᠯ ᠵᠢᠬᠦᠷᠳᠡᠨ ᠤ ᠪᠦᠲᠦᠭᠡᠭᠳᠡᠭᠦᠨ ᠢ | ᠵᠦᠬᠡᠬᠡᠪᠦᠷᠢᠯᠡᠬᠦ ᠲᠡᠷᠭᠡ ᠬᠦᠰᠭᠡ ᠨᠢ ᠮᠠᠨ ᠤ ᠬᠤᠰᠢᠭᠤᠨ ᠳᠤ ᠣᠷᠤᠵᠤ ᠢᠷᠡᠬᠦ ᠳᠡᠭᠡᠨ ᠡᠷᠬᠡᠪᠰᠢ ᠲᠣᠭᠲᠠᠭᠰᠠᠨ ᠵᠠᠮ | ᠱᠤᠭᠤᠮ ᠢᠶᠠᠷ ᠠᠶᠠᠯᠠᠵᠤ᠂ ᠠᠮᠢᠲᠠᠨ ᠤ ᠬᠢᠵᠢᠭ ᠭᠡᠮ ᠤᠨ ᠪᠠᠶᠢᠴᠠᠭᠠᠯᠲᠠ ᠶᠢᠨ ᠥᠷᠲᠡᠭᠡ ᠪᠠᠷ ᠳᠠᠮᠵᠢᠨ᠂ ᠬᠢᠨᠠᠨ | ᠬᠠᠷᠭᠤᠭᠤᠯᠬᠤ᠂ ᠠᠷᠢᠭᠤᠳᠬᠠᠯ ᠬᠢᠬᠦ ᠂ ᠲᠠᠮᠠᠭ᠎ᠠ ᠳᠠᠷᠤᠬᠤ ᠵᠡᠷᠭᠡ ᠠᠯᠬᠤᠮ ᠶᠠᠪᠤᠴᠠ ᠶᠢ ᠪᠡᠶᠡᠯᠡᠬᠦᠯᠬᠦ ᠬᠡᠷᠡᠭᠲᠡᠢ᠃ | ᠶᠠᠮᠠᠷᠪᠠ ᠨᠢᠭᠡᠴᠡ ᠪᠠ ᠬᠤᠪᠢ ᠬᠥᠮᠦᠨ ᠨᠢ ᠲᠡᠭᠡᠷᠡᠬᠢ ᠠᠯᠬᠤᠮ ᠶᠠᠪᠤᠴᠠ ᠶᠢ ᠳᠠᠮᠵᠢᠭᠰᠠᠨ ᠦᠭᠡᠶ ᠮᠠᠯ ᠵᠢᠬᠦᠷᠳᠡᠨ | ᠪᠤᠶᠤ ᠮᠠᠯ ᠵᠢᠬᠦᠷᠳᠡᠨ ᠤ ᠪᠦᠳᠦᠭᠡᠭᠳᠡᠬᠦᠨ ᠢ ᠬᠦᠯᠢᠶᠡᠨ ᠠᠪᠴᠤ ᠪᠣᠯᠬᠤ ᠦᠭᠡᠶ᠃ | ᠭᠤᠷᠪᠠ᠂ ᠣᠷᠣᠨ ᠤ ᠭᠠᠳᠠᠨ᠎ᠠ ᠠᠴᠠ ᠦᠷ᠎ᠡ ᠶᠢᠨ ᠮᠠᠯ᠂ ᠰᠠᠭᠠᠯᠢ ᠶᠢᠨ ᠮᠠᠯ ᠵᠢᠴᠢ ᠦᠷ᠎ᠡ ᠶᠢᠨ ᠰᠢᠩᠭᠡᠨ᠂ | ᠬᠦᠪᠦᠷᠡᠯ᠂ ᠥᠨᠳᠡᠭᠡ ᠵᠡᠷᠭᠡ ᠶᠢ ᠣᠷᠣᠭᠤᠯᠬᠤ ᠳᠤ ᠨᠦᠬᠦᠭᠡ ᠲᠠᠯ᠎ᠠ ᠨᠢ ᠡᠷᠬᠡᠪᠰᠢ ᠡᠪᠡᠳᠴᠢᠨ ᠬᠢᠵᠢᠭ ᠦᠭᠡᠶ ᠮᠤᠵᠢ | ᠣᠷᠣᠨ ᠪᠠᠶᠢᠬᠤ ᠭᠡᠷᠡᠭᠳᠡᠢ᠂ ᠤᠷᠤᠭᠤᠯᠵᠤ ᠠᠪᠴᠢᠷᠠᠬᠤ ᠳᠠᠭᠠᠨ ᠡᠷᠭᠡᠪᠰᠢ ︽ᠮᠤᠵᠢ ᠤᠷᠤᠨ ᠠᠯᠤᠰᠯᠠᠵᠤ | ᠤᠷᠤᠭᠤᠯᠬᠤ ᠮᠠᠯ ᠵᠢᠬᠦᠷᠳᠡᠨ ᠤ ᠡᠪᠡᠳᠴᠢᠨ ᠬᠢᠵᠢᠭ ᠤᠨ ᠪᠠᠶᠢᠴᠠᠭᠠᠯᠳᠠ ᠶᠢᠨ ᠬᠢᠨᠠᠨ ᠵᠦᠪᠰᠢᠶᠡᠷᠡᠭᠦᠯᠬᠦ ᠬᠦᠰᠦᠨᠦᠭᠲᠦ | ︾ ᠶᠢ ᠲᠠᠭᠯᠠᠵᠤ᠂ ᠲᠤᠷᠰᠢᠯᠲᠠ ᠶᠢᠨ ᠲᠠᠰᠤᠭ ᠤᠨ ᠰᠢᠯᠭᠠᠨ ᠪᠠᠶᠢᠴᠠᠭᠠᠭᠰᠠᠨ ᠮᠡᠳᠡᠭᠦᠯᠦᠯᠲᠡ ᠶᠢ ᠬᠠᠩᠭᠠᠨ᠂ ᠬᠢᠨᠠᠨ | ᠵᠥᠪᠰᠢᠶᠡᠷᠡᠭᠦᠯᠬᠦ ᠬᠦᠢᠴᠡᠳᠭᠡᠯ ᠢ ᠭᠦᠢᠴᠡᠳᠭᠡᠨ᠎ᠠ᠃ ᠪᠠᠷᠠᠭᠠᠨ ᠤ ᠡᠵᠡᠨ ᠨᠢ ᠬᠢᠨᠠᠨ ᠵᠥᠪᠰᠢᠶᠡᠷᠡᠭᠦᠯᠬᠦ ᠭᠠᠷ | ᠭᠦᠢᠴᠡᠳᠬᠡᠯ᠂ ᠡᠪᠡᠳᠴᠢᠨ ᠬᠢᠵᠢᠭ ᠤᠨ ᠪᠠᠶᠢᠴᠠᠭᠠᠯᠲᠠ ᠳᠤ ᠬᠢᠷᠢ ᠲᠡᠩᠴᠡᠭᠰᠡᠨ ᠭᠡᠷᠡᠴᠢ ᠪᠠᠨ ᠠᠪᠴᠤ᠂ | ᠲᠣᠭᠲᠠᠭᠰᠠᠨ ᠵᠠᠮ ᠱᠤᠭᠤᠮ ᠢᠶᠠᠷ ᠠᠶᠠᠯᠠᠨ᠂ ᠡᠪᠡᠳᠴᠢᠨ ᠬᠢᠵᠢᠭ ᠤᠨ ᠪᠠᠶᠢᠴᠠᠭᠠᠯᠲᠠ ᠶᠢᠨ ᠥᠷᠲᠡᠭᠡ ᠪᠠᠷ ᠳᠠᠮᠵᠢᠨ᠂ | ᠬᠢᠨᠠᠨ ᠬᠠᠷᠭᠤᠭᠤᠯᠬᠤ᠂ ᠠᠷᠢᠭᠤᠳᠬᠠᠯ ᠬᠢᠬᠦ ᠂ ᠲᠠᠮᠠᠭ᠎ᠠ ᠳᠠᠷᠤᠬᠤ ᠵᠡᠷᠭᠡ ᠠᠯᠬᠤᠮ ᠶᠠᠪᠤᠴᠠ ᠶᠢ ᠪᠡᠶᠡᠯᠡᠬᠦᠯᠬᠦ | ᠬᠡᠷᠡᠭᠲᠡᠢ᠃ ᠮᠠᠯ ᠵᠢᠬᠦᠷᠳᠡᠨ ᠢ ᠵᠥᠭᠡᠭᠡᠪᠦᠷᠢᠯᠡᠨ ᠠᠪᠴᠢᠷᠠᠭᠰᠠᠨ ᠤ ᠳᠠᠷᠠᠭ᠎ᠠ 24 ᠴᠠᠭ ᠤᠨ ᠳᠣᠲᠣᠷ᠎ᠠ ︵ᠪᠠᠭᠤᠯᠭᠠᠬᠤ | ᠠᠴᠠ ᠪᠠᠨ ᠡᠮᠦᠨ᠎ᠡ︶ ᠬᠤᠰᠢᠭᠤ ᠱᠠᠳᠤᠨ ᠤ ᠬᠢᠨᠠᠨ ᠡᠵᠡᠮᠳᠡᠬᠦ ᠪᠠᠶᠢᠭᠤᠯᠤᠮᠵᠢ ᠪᠤᠯᠤᠨ ᠰᠤᠮᠤ ᠰᠢᠶᠠᠩ ᠪᠠᠯᠭᠠᠰᠤᠨ ᠤ | ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠪ ᠲᠤ ᠮᠡᠳᠡᠭᠦᠯᠵᠦ᠂ ᠠᠯᠪᠠᠨ ᠠᠴᠠ ᠲᠤᠮᠢᠯᠠᠭᠰᠠᠨ ᠮᠠᠯ ᠡᠮᠨᠡᠯᠭᠡ ᠶᠢᠨ | ᠲᠤᠰᠬᠠᠶ ᠮᠡᠷᠭᠡᠵᠢᠯᠳᠡᠨ ︵ᠮᠠᠯ ᠤᠨ ᠡᠮᠴᠢ︶ ᠨᠢ ᠮᠠᠯ ᠵᠢᠬᠦᠷᠳᠡᠨ ᠤ ᠡᠷᠡᠭᠦᠯ ᠮᠡᠨᠳᠦ ᠶᠢᠨ ᠪᠠᠶᠢᠳᠠᠯ ᠪᠠ ᠬᠤᠯᠪᠣᠭᠳᠠᠯ | ᠪᠥᠬᠦᠶ ᠮᠠᠲ᠋ᠧᠷᠢᠶᠠᠯ ᠢ ᠲᠤᠬᠠᠶ ᠶᠢᠨ ᠲᠠᠯᠠᠪᠤᠷ ᠲᠤ ᠰᠢᠯᠭᠠᠨ ᠪᠠᠶᠢᠴᠠᠭᠠᠵᠤ᠂ ᠮᠡᠳᠡᠭᠡ ᠵᠠᠩᠭᠢ ᠶᠢ ᠨᠢᠭᠡᠳ ᠨᠢᠭᠡ ᠪᠠᠷ | ᠬᠠᠷᠭᠤᠭᠤᠯᠤᠨ ᠲᠠᠩᠰᠠᠯᠠᠨ᠎ᠠ᠃ 30 ᠡᠳᠦᠷ ᠲᠤᠰᠠᠭᠠᠷᠯᠠᠨ ᠮᠠᠯᠵᠢᠵᠤ ᠬᠢᠨᠠᠨ ᠠᠵᠢᠭᠯᠠᠭᠠᠳ ᠬᠢᠷᠢ ᠲᠡᠩᠴᠡᠪᠡᠯ | ᠰᠦᠷᠦᠭ ᠲᠤ ᠨᠡᠶᠢᠯᠡᠬᠦᠯᠬᠦ ᠶᠢ ᠵᠦᠪᠰᠢᠶᠡᠷᠡᠵᠦ᠂ ᠬᠢᠷᠢ ᠲᠡᠩᠴᠡᠬᠦ ᠥᠬᠡᠶ ᠪᠣᠯ ᠬᠠᠮᠢᠶ᠎ᠠ ᠪᠥᠬᠦᠶ ᠲᠣᠭᠲᠠᠭᠠᠯ | ᠶᠣᠰᠣᠭᠠᠷ ᠰᠢᠢᠳᠪᠦᠷᠢᠯᠡᠨ᠎ᠡ᠃ | ᠳᠥᠷᠪᠡ᠂ ᠠᠶᠢᠮᠠᠭ ᠬᠤᠲᠠ ᠠᠯᠤᠰᠯᠠᠨ ᠦᠷ᠎ᠡ ᠶᠢᠨ ᠮᠠᠯ᠂ ᠰᠠᠭᠠᠯᠢ ᠶᠢᠨ ᠮᠠᠯ᠂ ᠲᠡᠵᠢᠭᠡᠪᠤᠷᠢ ᠶᠢᠨ ᠮᠠᠯ | ᠵᠢᠭᠦᠷᠳᠡᠨ ᠢ ᠭᠠᠳᠠᠨ᠎ᠠ ᠠᠴᠠ ᠣᠷᠣᠭᠤᠯᠬᠤ ᠳᠤ ᠡᠷᠬᠡᠪᠰᠢ ᠮᠠᠯ ᠵᠢᠭᠦᠷᠳᠡᠨ ᠤ ᠬᠢᠵᠢᠭ ᠭᠡᠮ ᠤᠨ ᠪᠠᠶᠢᠴᠠᠭᠠᠯᠲᠠ ᠳᠤ | ᠬᠢᠷᠢ ᠲᠡᠩᠴᠡᠭᠰᠡᠨ ᠭᠡᠷᠡᠴᠢ ᠲᠡᠮᠳᠡᠭ ᠵᠢᠴᠢ ᠲᠤᠷᠰᠢᠯᠲᠠ ᠶᠢᠨ ᠲᠠᠰᠤᠭ ᠤᠨ ᠰᠢᠯᠭᠠᠨ ᠪᠠᠶᠢᠴᠠᠭᠠᠭᠰᠠᠨ ᠮᠡᠳᠡᠭᠦᠯᠦᠯᠲᠡ | ᠪᠠᠶᠢᠬᠤ ᠬᠡᠷᠡᠭᠲᠡᠶ᠃ ᠪᠠᠷᠠᠭᠠᠨ ᠤ ᠡᠵᠡᠨ ᠪᠤᠶᠤ ᠬᠠᠷᠢᠭᠤᠴᠠᠭᠰᠠᠨ ᠲᠡᠭᠡᠭᠡᠪᠦᠷᠢᠯᠡᠭᠴᠢ ᠨᠢ ᠮᠠᠯ ᠵᠢᠬᠦᠷᠳᠡᠨ ᠢ | ᠤᠷᠤᠭᠤᠯᠵᠤ ᠠᠪᠴᠢᠷᠠᠭᠰᠠᠨ ᠤ ᠲᠠᠷᠠᠭᠠᠬᠢ 24 ᠴᠠᠭ ᠤᠨ ᠳᠣᠲᠣᠷ᠎ᠠ ︵ ᠲᠡᠷᠭᠡᠨ ᠠᠴᠠ ᠪᠠᠭᠤᠯᠭᠠᠬᠤ ᠠᠴᠠ ᠡᠮᠦᠨ᠎ᠡ | ︶ ᠬᠤᠰᠢᠭᠤ ᠱᠠᠲᠤᠨ ᠤ ᠬᠢᠨᠠᠨ ᠡᠵᠡᠮᠳᠡᠬᠦ ᠪᠠᠶᠢᠭᠤᠯᠤᠮᠵᠢ ᠪᠤᠯᠤᠨ ᠰᠤᠮᠤ ᠰᠢᠶᠠᠩ ᠪᠠᠯᠭᠠᠰᠤᠨ ᠤ ᠶᠡᠷᠦᠩᠬᠡᠶᠢᠯᠡᠭᠰᠡᠨ | ᠪᠠᠲᠤᠯᠠᠭ᠎ᠠ ᠶᠢᠨ ᠲᠥᠪ ᠲᠤ ᠮᠡᠳᠡᠭᠦᠯᠵᠦ᠂ ᠠᠯᠪᠠᠨ ᠠᠴᠠ ᠲᠤᠮᠢᠯᠠᠭᠰᠠᠨ ᠮᠠᠯ ᠡᠮᠨᠡᠯᠭᠡ ᠶᠢᠨ ᠲᠤᠰᠬᠠᠶ ᠮᠡᠷᠭᠡᠵᠢᠯᠲᠡᠨ | ︵ ᠮᠠᠯ ᠤᠨ ᠡᠮᠴᠢ︶ ᠨᠢ ᠲᠤᠬᠠᠶ ᠶᠢᠨ ᠲᠠᠯᠠᠪᠤᠷ ᠲᠤ ᠰᠢᠯᠭᠠᠨ ᠪᠠᠶᠢᠴᠠᠭᠠᠵᠤ ᠮᠡᠳᠡᠭᠡ ᠵᠠᠩᠭᠢ ᠶᠢ ᠲᠠᠩᠰᠠᠯᠠᠨ᠎ᠠ᠂ | ᠭᠤᠴᠢᠨ ᠡᠳᠦᠷ ᠲᠤᠰᠠᠭᠠᠷᠯᠠᠨ ᠮᠠᠯᠵᠢᠵᠤ ᠬᠢᠨᠠᠨ ᠠᠵᠢᠭᠯᠠᠭᠠᠳ ᠠᠰᠠᠭᠤᠳᠠᠯ ᠥᠬᠡᠶ ᠪᠣᠯ ᠰᠦᠷᠦᠭ ᠲᠤ | ᠨᠡᠶᠢᠯᠡᠬᠦᠯᠵᠦ ᠪᠣᠯᠤᠨ᠎ᠠ᠂ ᠬᠡᠷᠪᠡ ᠬᠡᠪ ᠤᠨ ᠪᠤᠰᠤ ᠪᠠᠶᠢᠳᠠᠯ ᠭᠠᠷᠪᠠᠯ ᠴᠠᠭ ᠲᠤᠬᠠᠶ ᠳᠤᠨᠢ ᠮᠡᠳᠡᠭᠦᠯᠬᠦ ᠬᠡᠷᠡᠭᠲᠡᠶ᠃ | ᠲᠠᠪᠤ᠂ ᠠᠯᠠᠰᠢᠨ ᠳᠤ ᠬᠡᠷᠡᠭᠯᠡᠬᠦ ᠮᠠᠯ ᠵᠢᠬᠦᠷᠳᠡᠨ ᠢ ᠮᠠᠨ ᠤ ᠬᠤᠰᠢᠭᠤᠨ ᠳᠤ ᠤᠷᠤᠭᠤᠯᠬᠤ ᠳᠠᠭᠠᠨ ᠡᠷᠭᠡᠪᠰᠢ ︽ | ᠴᠡᠭ ᠠᠴᠠ ᠴᠡᠭ ᠲᠤ ᠬᠦᠷᠭᠡᠬᠦ︾ ᠬᠡᠯᠪᠡᠷᠢ ᠪᠠᠷ ᠨᠢᠲᠤᠯᠬᠤ ᠭᠠᠵᠠᠷ ᠲᠤ ᠵᠦᠬᠡᠬᠡᠪᠦᠷᠢᠯᠡᠨ ᠬᠦᠷᠭᠡᠬᠦ ᠭᠡᠷᠡᠭᠳᠡᠢ᠂ | ᠵᠥᠭᠡᠭᠡᠪᠦᠷᠢᠯᠡᠬᠦ ᠶᠠᠪᠤᠴᠠ ᠳᠤ ᠲᠡᠷᠭᠡᠨ ᠠᠴᠠ ᠪᠠᠭᠤᠯᠭᠠᠵᠤ ᠪᠣᠯᠬᠤ ᠦᠭᠡᠢ᠂ ᠲᠤᠭᠳᠠᠭᠠᠯ ᠢ ᠵᠦᠷᠢᠴᠡᠪᠡᠯ ᠬᠠᠤᠯᠢ | ᠪᠤᠰᠤ ᠦᠢᠯᠡ ᠠᠵᠢᠯᠯᠠᠭ᠎ᠠ ᠪᠠᠷ ᠦᠵᠡᠵᠦ ᠴᠢᠩᠭ᠎ᠠ ᠰᠢᠢᠳᠪᠦᠷᠢᠯᠡᠨ᠎ᠡ᠃ | ᠵᠢᠷᠭᠤᠭ᠎ᠠ᠂ ᠲᠤᠰ ᠠᠯᠪᠠᠨ ᠵᠠᠷᠯᠠᠯ ᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | ᠬᠢᠨᠠᠯᠳᠠ ᠲᠠᠯᠪᠢᠵᠤ ᠢᠯᠡᠴᠢᠯᠡᠨ ᠮᠡᠳᠡᠭᠦᠯᠬᠦ ᠤᠲᠠᠰᠤ᠄ | ᠲᠠᠶᠢᠹᠤᠰᠧ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠬᠦ ᠶᠡᠭᠡ ᠠᠩᠭᠢ᠄ 13474748819 | ᠲᠠᠶᠢᠹᠤᠰᠧ ᠬᠤᠰᠢᠭᠤᠨ ᠤ ᠠᠮᠢᠲᠠᠨ ᠤ ᠬᠢᠵᠢᠭ ᠬᠡᠮ ᠢ ᠰᠡᠷᠭᠡᠶᠢᠯᠡᠨ ᠡᠵᠡᠮᠳᠡᠬᠦ ᠲᠥᠪ 13847907972 | | ᠪᠤᠤᠴᠠᠩ ᠪᠠᠯᠭᠠᠰᠤᠨ ᠤ ᠶᠡᠷᠦᠩᠬᠡᠶᠢᠯᠡᠭᠰᠡᠨ ᠪᠠᠲᠤᠯᠠᠭ᠎ᠠ ᠪᠠ ᠮᠡᠷᠭᠡᠵᠢᠯ ᠳᠡᠯᠭᠡᠷᠡᠭᠦᠯᠬᠦ ᠲᠥᠪ᠄ | 13847904834 | ᠴᠢᠶᠠᠨ ᠶᠢᠨ ᠭᠸᠦ ᠪᠠᠯᠭᠠᠰᠤᠨ ᠤ ᠶᠡᠷᠦᠩᠬᠡᠶᠢᠯᠡᠭᠰᠡᠨ ᠪᠠᠲᠤᠯᠠᠭ᠎ᠠ ᠪᠠ ᠮᠡᠷᠭᠡᠵᠢᠯ ᠳᠡᠯᠭᠡᠷᠡᠭᠦᠯᠬᠦ ᠲᠥᠪ᠄ | 13847902992 | ᠬᠤᠩ ᠴᠢ ᠪᠠᠯᠭᠠᠰᠤᠨ ᠤ ᠶᠡᠷᠦᠩᠬᠡᠶᠢᠯᠡᠭᠰᠡᠨ ᠪᠠᠲᠤᠯᠠᠭ᠎ᠠ ᠪᠠ ᠮᠡᠷᠭᠡᠵᠢᠯ ᠳᠡᠯᠭᠡᠷᠡᠭᠦᠯᠬᠦ ᠲᠥᠪ᠄ | 13947926465 | ᠯᠦᠸᠧ ᠲᠦᠸᠧ ᠱᠠᠨ ᠪᠠᠯᠭᠠᠰᠤᠨ ᠤ ᠶᠡᠷᠦᠩᠬᠡᠶᠢᠯᠡᠭᠰᠡᠨ ᠪᠠᠲᠤᠯᠠᠭ᠎ᠠ ᠪᠠ ᠮᠡᠷᠭᠡᠵᠢᠯ ᠳᠡᠯᠭᠡᠷᠡᠭᠦᠯᠬᠦ ᠲᠥᠪ᠄ | 15847946578 | ᠶᠦᠩ ᠹᠧᠩ ᠪᠠᠯᠭᠠᠰᠤᠨ ᠤ ᠶᠡᠷᠦᠩᠬᠡᠶᠢᠯᠡᠭᠰᠡᠨ ᠪᠠᠲᠤᠯᠠᠭ᠎ᠠ ᠪᠠ ᠮᠡᠷᠭᠡᠵᠢᠯ ᠳᠡᠯᠭᠡᠷᠡᠭᠦᠯᠬᠦ ᠲᠥᠪ᠄ | 15047951588 | ᠰᠢᠩ ᠹᠦ᠋ ᠰᠢᠶᠠᠩ ᠤᠨ ᠶᠡᠷᠦᠩᠬᠡᠶᠢᠯᠡᠭᠰᠡᠨ ᠪᠠᠲᠤᠯᠠᠭ᠎ᠠ ᠪᠠ ᠮᠡᠷᠭᠡᠵᠢᠯ ᠳᠡᠯᠭᠡᠷᠡᠭᠦᠯᠬᠦ ᠲᠥᠪ᠄ | 13947932079 | ᠬᠦᠨᠪᠤᠯᠠᠭ ᠰᠤᠮᠤᠨ ᠤ ᠶᠡᠷᠦᠩᠬᠡᠶᠢᠯᠡᠭᠰᠡᠨ ᠪᠠᠲᠤᠯᠠᠭ᠎ᠠ ᠪᠠ ᠮᠡᠷᠭᠡᠵᠢᠯ ᠳᠡᠯᠭᠡᠷᠡᠭᠦᠯᠬᠦ ᠲᠥᠪ᠄ | 13848590007 |