6 ᠰᠠᠷ᠎ᠠ ᠪᠣᠯ ᠪᠥᠬᠦ ᠤᠯᠤᠰ ᠤᠨ ︽ᠠᠶᠤᠯᠭᠦᠢ ᠦᠢᠯᠡᠳᠪᠦᠷᠢᠯᠡᠯ ᠤᠨ ᠰᠠᠷ᠎ᠠ︾ ᠪᠤᠯᠤᠨ᠎ᠠ᠂ ᠪᠠᠭᠰᠢ | ᠰᠤᠷᠤᠭᠴᠢᠳ ᠤᠨ ᠠᠮᠤᠷ ᠲᠦᠪᠰᠢᠨ ᠤ ᠤᠬᠠᠮᠰᠠᠷ ᠢ ᠤᠯᠠᠮ ᠴᠢᠩᠭᠠᠳᠬᠠᠵᠤ᠂ ᠰᠤᠷᠭᠠᠭᠤᠯᠢ ᠶᠢᠨ ᠬᠦᠷᠢᠶᠡᠨ ᠤ | ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ 6 ᠰᠠᠷ᠎ᠠ ᠶᠢᠨ | 10 ᠤ ᠡᠳᠦᠷ ᠲᠠᠶᠢᠹᠤᠰᠧ ᠬᠤᠰᠢᠭᠤᠨ ᠤ ᠬᠢᠨ ᠠᠮᠤᠷ ᠲᠦᠪᠰᠢᠨ ᠤ ᠤᠬᠠᠭᠤᠯᠭ᠎ᠠ ᠬᠦᠮᠦᠵᠢᠯ ᠢ ᠰᠤᠷᠭᠠᠭᠤᠯᠢ ᠶᠢᠨ | ᠬᠦᠷᠢᠶᠡᠨ ᠳᠤ ᠤᠷᠤᠭᠤᠯᠬᠤ ᠠᠵᠢᠯᠯᠠᠭ᠎ᠠ ᠦᠷᠨᠢᠬᠦᠯᠪᠡ᠃ ᠲᠠᠪᠤᠳᠤᠭᠠᠷ ᠪᠠᠭ᠎ᠠ ᠰᠤᠷᠭᠠᠭᠤᠯᠢ ᠳᠤ ᠶᠠᠪᠤᠭᠳᠠᠭᠰᠠᠨ | ᠠᠵᠢᠯᠯᠠᠭᠠᠨ ᠤ ᠠᠬᠤᠢ ᠲᠠᠯᠠᠪᠠᠢ ᠳᠤ᠂ ᠲᠠᠶᠢᠹᠤᠰᠧ ᠬᠤᠰᠢᠭᠤᠨ ᠤ ᠯᠠᠨ ᠲᠢᠶᠠᠨ ᠠᠪᠤᠷᠠᠨ ᠲᠤᠰᠠᠯᠠᠬᠤ ᠠᠩᠭᠢ ᠶᠢᠨ | ᠬᠢᠨ ︽ᠦᠨᠡᠨ ᠪᠣᠳᠠᠲᠠᠶ ᠬᠡᠷᠡᠭ ᠤᠨ ᠵᠢᠱᠢᠶ᠎ᠡ + ᠺᠠᠷᠲ᠋ᠣᠨ ᠵᠢᠷᠤᠭ ᠤᠨ ᠦᠵᠡᠭᠦᠯᠭᠡ︾ ᠶᠢᠨ ᠬᠡᠯᠪᠡᠷᠢ ᠪᠠᠷ | ᠤᠰᠤᠨ ᠳᠤ ᠵᠢᠪᠬᠦ ᠠᠴᠠ ᠰᠡᠷᠭᠡᠶᠢᠯᠡᠬᠦ ᠠᠮᠤᠷ ᠲᠦᠪᠰᠢᠨ ᠤ ᠬᠢᠴᠢᠶᠡᠯ ᠤᠷᠤᠵᠤ᠂ ᠭᠠᠯ ᠤᠨᠲᠠᠷᠠᠭᠠᠬᠤ ᠠᠪᠤᠷᠠᠨ | ᠲᠤᠰᠠᠯᠠᠬᠤ ᠶᠡᠭᠡ ᠠᠩᠭᠢ ᠶᠢᠨ ᠬᠢᠨ ᠭᠠᠯ ᠤᠨᠳᠠᠷᠠᠭᠠᠬᠤ ᠪᠠᠭᠠᠵᠢ ᠲᠥᠬᠦᠭᠡᠷᠦᠮᠵᠢ ᠶᠢ ᠳᠡᠯᠭᠡᠨ ᠦᠵᠡᠭᠦᠯᠬᠦ ᠶᠢᠨ | ᠬᠠᠮᠲᠤ ᠰᠤᠷᠭᠠᠭᠤᠯᠢ ᠶᠢᠨ ᠬᠦᠷᠢᠶᠡᠨ ᠤ ᠪᠤᠳᠠᠳᠤ ᠪᠠᠶᠢᠳᠠᠯ ᠲᠠᠢ ᠤᠶᠠᠯᠳᠤᠭᠤᠯᠤᠨ᠂ ᠭᠠᠯ ᠰᠡᠷᠭᠡᠶᠢᠯᠡᠬᠦ ᠮᠡᠳᠡᠯᠭᠡ ᠪᠠ | ᠭᠠᠯ ᠤᠨᠲᠠᠷᠠᠭᠠᠬᠤ ᠠᠷᠭ᠎ᠠ ᠶᠢ ᠤᠬᠠᠭᠤᠯᠤᠨ ᠲᠠᠶᠢᠯᠪᠤᠷᠢᠯᠠᠵᠤ᠂ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠬᠢᠵᠡᠢ᠃ | ᠠᠬᠤᠢ ᠲᠠᠯᠠᠪᠠᠢ ᠳᠤ ᠪᠠᠰᠠ ᠭᠤᠣᠯ ᠰᠡᠳᠦᠪᠲᠦ ᠤᠬᠠᠭᠤᠯᠭ᠎ᠠ ᠶᠢᠨ ᠰᠠᠮᠪᠠᠷ᠎ᠠ 9 ᠶᠢ ᠪᠤᠰᠬᠠᠵᠤ᠂ ᠡᠯ᠎ᠡ ᠲᠦᠷᠦᠯ ᠤᠨ | ᠠᠮᠤᠷ ᠲᠦᠪᠰᠢᠨ ᠤ ᠤᠬᠠᠭᠤᠯᠭ᠎ᠠ ᠶᠢᠨ ᠮᠠᠲ᠋ᠧᠷᠢᠶᠠᠯ ᠢ 500 ᠭᠠᠷᠤᠢ ᠬᠤᠪᠢ ᠲᠠᠷᠬᠠᠭᠠᠭᠰᠠᠨ ᠪᠠᠶᠢᠨ᠎ᠠ᠃ | ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠤᠪᠴᠢᠶ᠎ᠠ ᠨᠢ ᠰᠤᠷᠭᠠᠨ ᠬᠥᠮᠦᠵᠢᠯ ᠤᠨ | ᠲᠣᠪᠴᠢᠶ᠎ᠠ᠂ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ᠂ ᠯᠠᠨ ᠲᠢᠶᠠᠨ ᠠᠪᠤᠷᠠᠨ ᠲᠤᠰᠠᠯᠠᠬᠤ | ᠠᠩᠭᠢ ᠲᠠᠢ ᠬᠤᠯᠪᠤᠭᠠᠯᠠᠨ ᠦᠷᠨᠢᠬᠦᠯᠦᠭᠰᠡᠨ ᠡᠨᠡ ᠤᠳᠠᠭᠠᠨ ᠤ ᠠᠵᠢᠯᠯᠠᠭ᠎ᠠ ᠨᠢ ᠪᠠᠭᠰᠢ ᠰᠤᠷᠤᠭᠴᠢᠳ ᠤᠨ | ᠥᠪᠡᠷ ᠢ ᠪᠠᠨ ᠬᠠᠮᠠᠭᠠᠯᠠᠬᠤ ᠤᠬᠠᠮᠰᠠᠷ ᠪᠠ ᠭᠡᠨᠡᠳᠲᠡ ᠶᠢᠨ ᠪᠠᠶᠢᠳᠠᠯ ᠢ ᠠᠷᠭᠠᠴᠠᠬᠤ ᠴᠢᠳᠠᠪᠤᠷᠢ ᠶᠢ ᠳᠡᠭᠡᠭᠰᠢᠯᠡᠭᠦᠯᠵᠦ᠂ | ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠤᠯᠠᠮ ᠪᠠᠬᠢᠵᠢᠬᠦᠯᠦᠭᠰᠡᠨ | ᠪᠠᠶᠢᠨ᠎ᠠ᠃ ︽ᠠᠶᠤᠯᠭᠦᠢ ᠦᠢᠯᠡᠳᠪᠦᠷᠢᠯᠡᠯ ᠤᠨ ᠰᠠᠷ᠎ᠠ︾ ᠶᠢᠨ ᠬᠤᠭᠤᠴᠠᠭᠠᠨ ᠳᠤ᠂ ᠲᠠᠶᠢᠹᠤᠰᠧ ᠬᠤᠰᠢᠭᠤᠨ ᠤ ᠬᠢᠨ | ᠠᠮᠤᠷ ᠲᠦᠪᠰᠢᠨ ᠤ ᠤᠬᠠᠭᠤᠯᠭ᠎ᠠ ᠬᠦᠮᠦᠵᠢᠯ ᠤᠨ ︽ᠲᠠᠪᠤ ᠳᠤ ᠤᠷᠤᠬᠤ︾ ᠠᠵᠢᠯᠯᠠᠭ᠎ᠠ ᠶᠢ ᠦᠷᠭᠦᠯᠵᠢᠯᠡᠨ | ᠠᠬᠢᠭᠤᠯᠵᠤ᠂ ᠠᠶᠤᠯᠭᠦᠢ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ | ᠠᠵᠢᠯᠯᠠᠭ᠎ᠠ ᠶᠢ ᠭᠦᠨᠵᠡᠭᠡᠶᠢᠷᠡᠭᠦᠯᠦᠨ᠂ ᠪᠥᠬᠦ ᠠᠷᠠᠳ ᠤᠨ ᠠᠮᠤᠷ ᠲᠦᠪᠰᠢᠨ ᠤ ᠤᠬᠠᠮᠰᠠᠷ ᠢ ᠤᠯᠠᠮ ᠴᠢᠩᠭᠠᠳᠬᠠᠵᠤ᠂ | ᠡᠯ᠎ᠡ ᠲᠥᠷᠥᠯ ᠤᠨ ᠠᠮᠤᠷ ᠲᠦᠪᠰᠢᠨ ᠤ ᠬᠡᠮ ᠰᠣᠭᠤᠭ ᠢ ᠠᠷᠢᠯᠭᠠᠨ᠂ ᠡᠯ᠎ᠡ ᠲᠥᠷᠥᠯ ᠤᠨ ᠤᠰᠤᠯ ᠠᠳᠡᠯ | ᠭᠠᠷᠬᠤ ᠶᠢ ᠪᠦᠲᠦᠮᠵᠢᠲᠡᠢ ᠰᠡᠷᠭᠡᠶᠢᠯᠡᠵᠦ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ | ᠦᠨᠡᠨ ᠬᠦ ᠬᠠᠮᠠᠭᠠᠯᠠᠬᠤ ᠪᠠᠷ ᠪᠠᠶᠢᠨ᠎ᠠ᠃ |