ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠤᠯᠠᠮ ᠴᠢᠩᠭᠠᠳᠬᠠᠵᠤ᠂ ᠲᠥᠪ ᠤᠨ ᠨᠠᠢᠮᠠᠨ | ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ 6 | ᠰᠠᠷ᠎ᠠ ᠶᠢᠨ 9 ᠤ ᠡᠳᠦᠷ ᠲᠠᠶᠢᠹᠤᠰᠧ ᠬᠤᠰᠢᠭᠤ ᠨᠢ ᠨᠢᠭᠡᠳᠦᠮᠡᠯ ᠹᠷᠣᠨᠲ ᠤᠨ ᠰᠢᠰᠲ᠋ᠧᠮ ᠤᠨ ᠪᠥᠬᠦ ᠺᠠᠳ᠋ᠷ | ᠠᠵᠢᠯᠲᠠᠨ ᠤ ᠶᠡᠭᠡ ᠬᠤᠷᠠᠯ ᠵᠢᠴᠢ 2025 ᠣᠨ ᠤ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ | ᠠᠵᠢᠯ ᠤᠨ ᠬᠤᠶᠠᠳᠤᠭᠠᠷ ᠤᠳᠠᠭᠠᠨ ᠤ ᠬᠤᠷᠠᠯ ᠢ ᠬᠤᠷᠠᠯᠳᠤᠭᠤᠯᠵᠤ᠂ ᠬᠤᠰᠢᠭᠤ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠰᠡᠴᠡᠨᠴᠣᠭᠲᠤ ᠬᠤᠷᠠᠯ ᠡᠷᠬᠢᠯᠡᠨ ᠶᠠᠷᠢᠶ᠎ᠠ | ᠲᠠᠯᠪᠢᠵᠤ᠂ ᠨᠢᠭᠡᠳᠦᠮᠡᠯ ᠹᠷᠣᠨᠲ ᠤᠨ ᠬᠡᠯᠲᠡᠰ᠂ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ᠂ ᠦᠢᠯᠡᠳᠪᠦᠷᠢ | ᠬᠤᠳᠠᠯᠳᠤᠭᠠᠨ ᠤ ᠬᠤᠯᠪᠣᠭ᠎ᠠ ᠶᠢᠨ ᠪᠥᠬᠦ ᠺᠠᠳ᠋ᠷ ᠠᠵᠢᠯᠲᠠᠨ ᠬᠤᠷᠠᠯ ᠳᠤ ᠣᠷᠣᠯᠴᠠᠪᠠ᠃ ᠬᠤᠷᠠᠯ ᠳᠡᠭᠡᠷ᠎ᠡ᠂ ᠶᠡᠷᠦᠩᠬᠡᠶ | ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠴᠢᠬᠤᠯᠠ | ᠥᠭᠦᠯᠡᠯᠲᠡ ᠶᠢ ᠰᠤᠷᠤᠯᠴᠠᠵᠤ᠂ ᠬᠤᠰᠢᠭᠤ ᠨᠠᠮ ᠤᠨ ᠬᠤᠷᠢᠶᠠᠨ ᠤ ᠬᠠᠮᠢᠶ᠎ᠠ ᠪᠥᠬᠦᠶ ᠪᠢᠴᠢᠭ ᠮᠠᠲ᠋ᠧᠷᠢᠶᠠᠯ ᠤᠨ | ᠵᠣᠷᠢᠭ ᠰᠠᠨᠠᠭ᠎ᠠ ᠶᠢ ᠤᠯᠠᠮᠵᠢᠯᠠᠨ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠵᠥᠷᠢᠴᠡᠭᠰᠡᠨ | ᠨᠡᠶᠢᠲᠡᠯᠢᠭ ᠬᠡᠷᠡᠭ ᠤᠨ ᠵᠢᠱᠢᠶ᠎ᠡ ᠶᠢ ᠵᠠᠷᠯᠠᠨ ᠮᠡᠳᠡᠭᠳᠡᠵᠦ᠂ ᠦᠨᠡᠨ ᠪᠣᠳᠠᠲᠠᠶ ᠬᠡᠷᠡᠭ ᠤᠨ ᠵᠢᠱᠢᠶ᠎ᠡ ᠪᠠᠷ ᠺᠠᠳ᠋ᠷ | ᠠᠵᠢᠯᠳᠠᠳ ᠲᠤ ᠰᠡᠷᠡᠮᠵᠢ ᠶᠢᠨ ᠳᠣᠬᠢᠶ᠎ᠠ ᠦᠭᠴᠡᠢ᠃ ᠬᠤᠷᠠᠯ ᠠᠴᠠ᠂ ᠨᠢᠭᠡ ᠳᠤ ᠨᠡᠩ ᠥᠨᠳᠥᠷ ᠵᠣᠭᠰᠣᠴᠠ ᠠᠴᠠ | ᠤᠨᠤᠯ ᠤᠨ ᠰᠤᠷᠤᠯᠴᠠᠯᠭ᠎ᠠ ᠶᠢ ᠰᠠᠶᠢᠲᠤᠷ ᠠᠳᠬᠤᠵᠤ᠂ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ | ᠲᠦᠷᠢᠮ ᠤᠨ ᠵᠣᠷᠢᠭ ᠰᠠᠨᠠᠭᠠᠨ ᠤ ᠪᠠᠶᠠᠯᠢᠭ ᠠᠭᠤᠯᠤᠭᠳᠠᠬᠤᠨ᠂ ᠪᠣᠳᠠᠲᠠᠢ ᠱᠠᠭᠠᠷᠳᠠᠯᠭ᠎ᠠ ᠪᠣᠯᠤᠨ ᠦᠢᠯᠡᠳᠦᠯᠭᠡ ᠶᠢᠨ | ᠴᠢᠬᠤᠯᠠ ᠠᠭᠤᠯᠭ᠎ᠠ ᠶᠢ ᠭᠦᠨᠵᠡᠭᠡᠢ ᠤᠶᠢᠯᠠᠭᠠᠨ᠂ ᠨᠡᠶᠢᠲᠡᠯᠢᠭ ᠬᠡᠷᠡᠭ ᠤᠨ ᠵᠢᠱᠢᠶ᠎ᠡ ᠲᠠᠢ ᠬᠠᠷᠢᠴᠠᠭᠤᠯᠵᠤ᠂ ᠴᠠᠭ | ᠢᠮᠠᠭᠲᠠ ᠰᠡᠷᠡᠮᠵᠢ ᠶᠢᠨ ᠬᠤᠩᠬᠤ ᠶᠢ ᠲᠤᠤᠨᠢᠭᠤᠯᠤᠨ᠂ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠪᠠᠲᠤ | ᠴᠣᠭᠴᠠᠯᠠᠬᠤ ᠬᠡᠷᠡᠭᠲᠡᠢ᠃ ᠬᠤᠶᠠᠷ ᠲᠤ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ︽ᠨᠢᠭᠡ | ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ︾ ᠶᠢ ᠪᠣᠳᠠᠲᠠᠶᠢᠵᠢᠭᠤᠯᠵᠤ᠂ ᠤᠳᠤᠷᠢᠳᠬᠤ ᠪᠠᠭ ᠤᠨ | ᠭᠡᠰᠢᠬᠦᠳ ᠪᠡᠶ᠎ᠡ ᠪᠠᠷ ᠢᠶᠠᠨ ᠬᠡᠪ ᠲᠦᠷᠢᠮ ᠪᠤᠯᠵᠤ᠂ ᠪᠡᠶ᠎ᠡ ᠪᠠᠨ ᠴᠢᠩᠭ᠎ᠠ ᠱᠠᠭᠠᠷᠳᠠᠬᠤ ᠶᠢᠨ ᠬᠠᠮᠲᠤ ᠬᠤᠪᠢᠳᠠᠨ | ᠬᠠᠮᠢᠶᠠᠷᠴᠤ ᠪᠠᠶᠢᠭ᠎ᠠ ᠬᠦᠷᠢᠶ᠎ᠡ ᠴᠠᠷᠠᠭᠠᠨ ᠤ ᠪᠠᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ | ᠠᠵᠢᠯ ᠢ ᠰᠠᠶᠢᠲᠤᠷ ᠠᠳᠬᠤᠨ᠂ ᠪᠦᠬᠦ ᠨᠠᠮ ᠤᠨ ᠭᠡᠰᠢᠭᠦᠨ ᠺᠠᠳ᠋ᠷᠴᠤᠳ ᠢ ᠵᠢᠯᠣᠭᠤᠳᠴᠤ ᠪᠠᠶᠢᠭᠠᠳ ᠲᠥᠪ ᠤᠨ | ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ᠃ ᠭᠤᠷᠪᠠ ᠳᠤ | ᠥᠪᠡᠷ ᠢ ᠪᠠᠨ ᠪᠠᠶᠢᠴᠠᠭᠠᠵᠤ ᠥᠪᠡᠷ ᠢ ᠪᠠᠨ ᠵᠠᠯᠠᠷᠠᠭᠤᠯᠬᠤ ᠠᠵᠢᠯ ᠢ ᠪᠦᠬᠦ ᠲᠠᠯ᠎ᠠ ᠪᠠᠷ ᠥᠷᠨᠢᠭᠦᠯᠵᠦ᠂ ᠠᠰᠠᠭᠤᠳᠠᠯ ᠢ | ᠪᠠᠶᠢᠴᠠᠭᠠᠨ ᠲᠡᠯᠬᠡᠬᠦ ᠶᠠᠪᠤᠴᠠ ᠳᠤ ᠦᠪᠡᠷ ᠤᠨ ᠪᠡᠶ᠎ᠡ ᠪᠠᠨ ᠤᠷᠤᠭᠤᠯᠵᠤ᠂ ᠡᠭᠦᠷᠭᠡ ᠬᠠᠷᠢᠭᠤᠴᠠᠯᠭ᠎ᠠ ᠪᠠᠨ | ᠣᠷᠣᠭᠤᠯᠵᠤ᠂ ᠠᠵᠢᠯ ᠦᠢᠯᠡᠰ ᠢᠶᠠᠨ ᠣᠷᠣᠭᠤᠯᠵᠤ᠂ ᠲᠦᠷᠢᠮ ᠲᠣᠭᠲᠠᠭᠠᠯ ᠠᠴᠠ ᠵᠥᠷᠢᠴᠡᠨ ᠢᠳᠡᠵᠦ | ᠤᠤᠭᠤᠬᠤ ᠶᠢ ᠡᠷᠡᠰ ᠬᠤᠷᠢᠭᠯᠠᠨ᠂ ᠰᠤᠷᠲᠠᠯ ᠤᠨ ᠪᠠᠶᠢᠭᠤᠯᠤᠯᠲᠠ ᠶᠢᠨ ᠰᠢᠨ᠎ᠡ ᠦᠷ᠎ᠡ ᠪᠦᠲᠦᠮᠵᠢ ᠪᠠᠷ ᠨᠢᠭᠡᠳᠦᠮᠡᠯ | ᠹᠷᠣᠨᠲ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠳᠠᠯ ᠢ ᠡᠭᠦᠳᠬᠦ ᠬᠡᠷᠡᠭᠲᠡᠢ ᠬᠡᠵᠦ | ᠴᠢᠬᠤᠯᠠᠴᠢᠯᠠᠭᠰᠠᠨ ᠪᠠᠶᠢᠨ᠎ᠠ᠃ ᠬᠤᠷᠠᠯ ᠳᠡᠭᠡᠷ᠎ᠡ ᠪᠠᠰᠠ ᠨᠢᠭᠡᠳᠦᠮᠡᠯ ᠹᠷᠣᠨᠲ ᠤᠨ ᠡᠯ᠎ᠡ ᠬᠦᠷᠢᠶ᠎ᠡ ᠴᠠᠷᠠᠭᠠᠨ ᠤ | ᠤᠢᠢᠷ᠎ᠠ ᠶᠢᠨ ᠬᠤᠭᠤᠴᠠᠭᠠᠨ ᠤ ᠭᠤᠣᠯᠳᠠᠯᠭ᠎ᠠ ᠲᠠᠢ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠠᠮᠢᠶ᠎ᠠ | ᠪᠦᠬᠦᠢ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃ |