ᠲᠠᠶᠢᠹᠤᠰᠧ ᠬᠤᠰᠢᠭᠤ  ︽ᠲᠠᠩᠰᠠ ᠡᠪᠬᠡᠮᠡᠯ ᠤᠨ ᠡᠳᠦᠷ︾᠎ ᠤᠨ ᠭᠤᠤᠯ ᠰᠡᠳᠦᠪᠲᠦ ᠤᠬᠠᠭᠤᠯᠭ᠎ᠠ ᠬᠢᠭᠰᠡᠨ
ᠨᠡᠶᠢᠲᠡᠯᠡᠭᠰᠡᠨ ᠴᠠᠭ᠄
2025/6/11
   6 ᠰᠠᠷ᠎ᠠ ᠶᠢᠨ 9᠎ ᠤ ᠡᠳᠦᠷ ᠪᠣᠯ ︽ᠣᠯᠠᠨ ᠤᠯᠤᠰ ᠤᠨ ᠳᠠᠩᠰᠠ ᠡᠪᠬᠡᠮᠡᠯ ᠤᠨ ᠡᠳᠦᠷ︾ ᠪᠤᠯᠤᠨ᠎ᠠ᠃ ᠶᠡᠷᠦᠩᠬᠡᠢ ᠱᠦᠵᠢ ᠰᠢ ᠶᠢᠨ ᠫᠢᠩ ᠤᠨ ᠳᠠᠩᠰᠠ ᠡᠪᠬᠡᠮᠡᠯ ᠤᠨ ᠠᠵᠢᠯ ᠤᠨ ᠲᠤᠬᠠᠢ ᠴᠢᠬᠤᠯᠠ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠳᠠᠩᠰᠠ ᠡᠪᠬᠡᠮᠡᠯ ᠤᠨ ᠬᠠᠮᠢᠶᠠᠷᠤᠯᠲᠠ ᠶᠢᠨ ᠤᠬᠠᠮᠰᠠᠷ ᠢ ᠤᠯᠠᠮ ᠴᠢᠩᠭᠠᠳᠬᠠᠬᠤ ᠶᠢᠨ ᠲᠥᠯᠥᠭᠡ᠂ 6 ᠰᠠᠷ᠎ᠠ ᠶᠢᠨ 10᠎ ᠤ ᠡᠳᠦᠷ ᠬᠤᠰᠢᠭᠤᠨ ᠤ ᠳᠠᠩᠰᠠ ᠡᠪᠬᠡᠮᠡᠯ ᠲᠡᠦᠬᠡ ᠣᠶᠢᠯᠠᠯᠭ᠎ᠠ ᠶᠢᠨ ᠤᠷᠳᠤᠨ ᠨᠢ ︽ᠣᠯᠠᠨ ᠤᠯᠤᠰ ᠤᠨ ᠳᠠᠩᠰᠠ ᠡᠪᠬᠡᠮᠡᠯ ᠤᠨ ᠡᠳᠦᠷ︾᠎ ᠤᠨ ᠭᠤᠤᠯ ᠰᠡᠳᠦᠪᠳᠦ ᠠᠵᠢᠯᠯᠠᠭ᠎ᠠ ᠥᠷᠨᠢᠭᠦᠯᠪᠡ᠃ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠢᠦᠶ ᠴᠧᠩ ᠭᠦᠸᠧ ᠠᠵᠢᠯᠯᠠᠭ᠎ᠠ ᠳᠤ ᠣᠷᠣᠯᠴᠠᠨ ᠪᠠᠶᠠᠷ ᠤᠨ ᠦᠭᠡ ᠬᠡᠯᠡᠵᠦ᠂ ᠡᠯ᠎ᠡ ᠰᠠᠯᠠᠭ᠎ᠠ ᠮᠥᠴᠢᠷ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠠᠵᠢᠯᠯᠠᠭ᠎ᠠ ᠳᠤ ᠣᠷᠣᠯᠴᠠᠵᠠᠶ᠃ ᠠᠵᠢᠯᠯᠠᠭᠠᠨ ᠤ ᠠᠬᠤᠢ ᠲᠠᠯᠠᠪᠠᠢ ᠳᠤ   ᠤᠬᠠᠭᠤᠯᠭ᠎ᠠ ᠶᠢᠨ ᠰᠠᠮᠪᠠᠷ᠎ᠠ ᠪᠤᠰᠬᠠᠬᠤ᠂  ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠭᠡᠯᠪᠡᠷᠢ ᠪᠠᠷ ᠲᠠᠩᠰᠠ ᠡᠪᠬᠡᠮᠡᠯ ᠤᠨ ᠮᠡᠳᠡᠯᠭᠡ ᠶᠢ ᠨᠠᠷᠢᠨ ᠲᠠᠶᠢᠯᠪᠤᠷᠢᠯᠠᠵᠤ᠂ ᠣᠯᠠᠨ ᠲᠦᠮᠡᠨ ᠳᠤ ᠲᠠᠩᠰᠠ ᠡᠪᠬᠡᠮᠡᠯ ᠬᠢᠭᠡᠳ ᠡᠳᠦᠷ ᠲᠤᠲᠤᠮ ᠤᠨ ᠠᠮᠢᠳᠤᠷᠠᠯ ᠤᠨ ᠨᠢᠭᠲᠠ ᠬᠠᠷᠢᠴᠠᠭ᠎ᠠ ᠶᠢ ᠤᠶᠢᠯᠠᠭᠠᠭᠤᠯᠤᠭᠰᠠᠨ ᠪᠠᠶᠢᠨ᠎ᠠ᠃  ᠡᠨᠡ ᠤᠳᠠᠭᠠᠨ ᠤ ᠠᠵᠢᠯᠯᠠᠭ᠎ᠠ ᠪᠠᠷ ᠲᠠᠮᠵᠢᠭᠠᠳ  ᠂ ᠲᠠᠩᠰᠠ ᠡᠪᠬᠡᠮᠡᠯ ᠤᠨ ᠮᠡᠳᠡᠯᠭᠡ ᠶᠢ ᠤᠬᠠᠭᠤᠯᠤᠨ ᠲᠦᠭᠡᠮᠡᠯᠵᠢᠭᠦᠯᠵᠦ᠂ ᠲᠠᠩᠰᠠ ᠡᠪᠬᠡᠮᠡᠯ ᠤᠨ ᠰᠣᠶᠣᠯ ᠢ ᠤᠯᠠᠮᠵᠢᠯᠠᠨ ᠳᠡᠯᠭᠡᠷᠡᠭᠦᠯᠵᠦ᠂ ᠲᠠᠩᠰᠠ ᠡᠪᠬᠡᠮᠡᠯ ᠤᠨ ᠠᠵᠢᠯ ᠤᠨ ᠲᠤᠬᠠᠶ ᠣᠯᠠᠨ ᠲᠦᠮᠡᠨ ᠤ  ᠲᠠᠨᠢᠯᠲᠠ ᠪᠠ ᠠᠩᠬᠠᠷᠤᠯ ᠢ ᠨᠡᠮᠡᠭᠳᠡᠬᠦᠯᠦᠨ᠂ ᠲᠠᠩᠰᠠ ᠡᠪᠬᠡᠮᠡᠯ ᠤᠨ ᠠᠵᠢᠯ ᠢ ᠣᠯᠠᠨ ᠲᠦᠮᠡᠨ ᠲᠠᠢ ᠨᠠᠩ ᠣᠶᠢᠷᠠᠲᠤᠭᠤᠯᠵᠤ  ᠂ ᠲᠠᠶᠢᠹᠤᠰᠧ ᠬᠤᠰᠢᠭᠤᠨ ᠤ ᠲᠠᠩᠰᠠ ᠡᠪᠬᠡᠮᠡᠯ ᠤᠨ ᠦᠢᠯᠡᠰ ᠤᠨ ᠴᠡᠴᠡᠭᠯᠡᠨ ᠬᠥᠭᠵᠢᠬᠦ ᠶᠢ ᠠᠬᠢᠭᠤᠯᠬᠤ ᠳᠤ ᠬᠦᠴᠦᠨ ᠴᠢᠳᠠᠯ ᠢᠶᠠᠨ ᠡᠷᠬᠦᠵᠡᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号