ᠲᠠᠶᠢᠹᠤᠰᠧ ᠬᠤᠰᠢᠭᠤᠨ ᠤ ᠬᠢᠨ ᠵᠡᠮᠳᠡᠭᠴᠦᠳ ᠢ ᠨᠠᠷᠢᠯᠢᠭ ᠣᠨᠣᠪᠴᠢᠲᠠᠢ ᠡᠷᠡᠭᠦᠯᠵᠢᠭᠦᠯᠬᠦ ᠠᠵᠢᠯᠯᠠᠭ᠎ᠠ ᠦᠷᠨᠢᠬᠦᠯᠦᠨ᠎ᠡ
ᠨᠡᠶᠢᠲᠡᠯᠡᠭᠰᠡᠨ ᠴᠠᠭ᠄
2025/6/11
   ᠵᠡᠮᠳᠡᠭᠴᠦᠳ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠠᠵᠢᠯ ᠢ ᠪᠥᠬᠦ ᠲᠠᠯ᠎ᠠ ᠪᠠᠷ ᠠᠬᠢᠭᠤᠯᠵᠤ᠂ ᠵᠡᠮᠳᠡᠭᠴᠦᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠂ ᠵᠡᠮᠳᠡᠭᠴᠦᠳ ᠤᠨ ᠪᠡᠶ᠎ᠡ ᠮᠠᠬᠠᠪᠣᠳ ᠢ ᠰᠠᠶᠢᠵᠢᠷᠠᠭᠤᠯᠬᠤ ᠶᠢᠨ ᠲᠥᠯᠥᠭᠡ᠂ 6 ᠰᠠᠷ᠎ᠠ ᠶᠢᠨ 9᠎ ᠤ ᠡᠳᠦᠷ ᠲᠠᠶᠢᠹᠤᠰᠧ ᠬᠤᠰᠢᠭᠤᠨ ᠤ ᠵᠡᠮᠳᠡᠭᠴᠦᠳ ᠤᠨ ᠬᠤᠯᠪᠣᠭᠠᠲᠤ ᠬᠤᠷᠠᠯ᠂ ᠬᠢᠳᠠᠳ ᠮᠣᠩᠭᠤᠯ ᠤᠨ ᠡᠮᠨᠡᠯᠭᠡ ᠶᠢᠨ ᠬᠤᠷᠢᠶ᠎ᠠ ᠬᠠᠮᠲᠤᠷᠠᠨ ᠵᠡᠮᠳᠡᠭᠴᠦᠳ ᠢ ᠨᠠᠷᠢᠯᠢᠭ ᠤᠨᠤᠪᠴᠢᠳᠠᠢ ᠡᠷᠡᠭᠦᠯᠵᠢᠭᠦᠯᠬᠦ ᠠᠵᠢᠯᠯᠠᠭ᠎ᠠ ᠥᠷᠨᠢᠭᠦᠯᠪᠡ᠃  ᠠᠵᠢᠯᠳᠠᠳ ᠬᠤᠩ ᠴᠢ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠳᠤ ᠬᠦᠷᠴᠦ᠂  ᠡᠮᠨᠡᠭᠦᠯᠬᠦ ᠪᠠᠷ ᠢᠷᠡᠭᠰᠡᠨ ᠵᠡᠮᠳᠡᠭᠴᠤᠳ ᠤᠨ ᠪᠡᠶ᠎ᠡ ᠮᠠᠬᠠᠪᠣᠳ ᠤᠨ ᠪᠠᠶᠢᠳᠠᠯ ᠪᠣᠯᠤᠨ ᠡᠪᠡᠳᠴᠢᠨ ᠤ  ᠦᠩᠭᠡᠷᠡᠯᠳᠡ ᠶᠢ ᠨᠢ ᠨᠠᠷᠢᠨ  ᠤᠶᠢᠯᠠᠭᠠᠬᠤ ᠶᠢᠨ ᠬᠠᠮᠳᠤ ᠴᠢᠰᠤᠨ ᠳᠠᠷᠤᠯᠲᠠ ᠬᠡᠮᠵᠢᠬᠦ᠂ ᠵᠡᠭᠦᠦ ᠲᠥᠭᠡᠨᠡᠯᠭᠡ᠂ ᠢᠯᠢᠵᠦ ᠨᠤᠬᠤᠯᠠᠬᠤ ᠵᠡᠷᠭᠡ ᠤᠯᠠᠨ ᠵᠦᠢᠯ ᠤᠨ ᠦᠨᠳᠦᠰᠦᠨ ᠡᠷᠡᠭᠦᠯᠵᠢᠯ ᠤᠨ ᠦᠢᠯᠡᠴᠢᠯᠡᠭᠡ ᠶᠢ ᠦᠨ᠎ᠡ ᠲᠦᠯᠦᠪᠦᠷᠢ ᠦᠭᠡᠢ ᠪᠠᠷ ᠬᠠᠩᠭᠠᠵᠤ᠂ ᠡᠷᠡᠬᠦᠯᠵᠢᠯ ᠤᠨ ᠳᠠᠩᠰᠠ ᠡᠪᠬᠡᠮᠡᠯ ᠪᠠᠶᠢᠭᠤᠯᠵᠤ ᠦᠭᠴᠡᠢ᠃  ᠡᠬᠦᠨ ᠎ ᠤ ᠬᠠᠮᠳᠤ᠂ ᠬᠤᠭᠤᠯᠠ ᠤᠮᠳᠠ᠂ ᠬᠥᠳᠡᠯᠭᠡᠭᠡᠨ ᠵᠢᠴᠢ ᠰᠤᠪᠢᠯᠠᠯᠲᠠ ᠶᠢᠨ ᠲᠠᠯ᠎ᠠ ᠪᠠᠷ  ᠵᠦᠢ ᠵᠣᠬᠢᠰᠲᠠᠶ ᠰᠠᠨᠠᠯ ᠰᠠᠨᠠᠭᠤᠯᠭ᠎ᠠ ᠶᠢ ᠬᠠᠨᠳᠤᠯᠭᠠᠲᠤ ᠴᠢᠨᠠᠷᠲᠠᠶ ᠪᠠᠷ ᠳᠤᠷᠠᠳᠴᠤ᠂ ᠵᠡᠮᠳᠡᠭᠴᠦᠳ ᠤᠨ ᠰᠠᠶᠢᠨ ᠰᠠᠶᠢᠬᠠᠨ ᠠᠮᠢᠳᠤᠷᠠᠯ ᠤᠨ ᠳᠠᠳᠬᠠᠯ ᠲᠠᠢ ᠪᠣᠯᠬᠤ ᠶᠢ ᠵᠤᠷᠢᠬᠵᠢᠭᠤᠯᠤᠨ᠂ ᠵᠡᠮᠳᠡᠭᠴᠦᠳ ᠢ ᠣᠶᠢᠯᠠᠭᠠᠬᠤ᠂  ᠵᠡᠮᠳᠡᠭᠴᠦᠳ ᠢ ᠬᠠᠯᠠᠮᠵᠢᠯᠠᠬᠤ᠂  ᠵᠡᠮᠳᠡᠭᠴᠦᠳ ᠢ ᠬᠦᠨᠳᠦᠳᠬᠡᠬᠦ᠂  ᠵᠡᠮᠳᠡᠭᠴᠦᠳ ᠢ ᠬᠠᠪᠰᠤᠷᠬᠤ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠤᠢ ᠪᠤᠯᠭᠠᠭᠰᠠᠨ ᠪᠠᠶᠢᠨ᠎ᠠ᠃ ᠠᠵᠢᠯᠲᠠᠳ ᠪᠠᠰᠠ ᠬᠤᠩ ᠸᠧᠶ ᠲᠣᠰᠬᠤᠨ ᠪᠣᠯᠤᠨ ᠠᠶ ᠭᠦᠸᠧ ᠲᠣᠰᠬᠤᠨ ᠳᠤ ᠭᠦᠨᠵᠡᠭᠡᠶᠢᠷᠡᠵᠦ᠂ ᠬᠥᠳᠡᠯᠵᠦ ᠪᠠᠷᠢᠬᠤ ᠳᠤ ᠳᠥᠭᠦᠮ ᠦᠭᠡᠢ ᠵᠡᠮᠳᠡᠭ ᠬᠦᠮᠦᠰ ᠤᠨ ᠬᠡᠷ ᠲᠤᠨᠢ ᠬᠦᠷᠴᠦ ᠦᠢᠯᠡᠴᠢᠯᠡᠨ ᠡᠷᠡᠬᠦᠯ ᠮᠡᠨᠳᠦ ᠶᠢᠨ ᠪᠣᠯᠪᠠᠰᠤᠷᠠᠯ ᠪᠠ ᠵᠢᠯᠣᠭᠤᠳᠣᠯᠭ᠎ᠠ ᠬᠢᠵᠡᠢ᠃ ᠣᠶᠢᠯᠠᠭᠠᠭᠰᠠᠨ ᠢᠶᠠᠷ᠂ ᠡᠨᠡᠬᠦ ᠠᠵᠢᠯ ᠢ ᠪᠥᠬᠦ ᠬᠤᠰᠢᠭᠤᠨ ᠤ 13 ᠡᠷᠡᠭᠦᠯ ᠬᠠᠮᠠᠭᠠᠯᠠᠯ ᠤᠨ ᠬᠤᠷᠢᠶ᠎ᠠ ᠳᠤ ᠵᠠᠯᠭᠠᠭ᠎ᠠ ᠪᠠᠷ ᠦᠷᠨᠢᠬᠦᠯᠦᠨ  ᠂ ᠵᠡᠮᠳᠡᠭᠴᠦᠳ  ᠎ ᠲᠤ ᠨᠠᠷᠢᠯᠢᠭ ᠣᠨᠣᠴᠠᠲᠠᠶ᠂ ᠦᠨᠡᠨ ᠪᠣᠳᠠᠲᠠᠶ ᠡᠷᠡᠭᠦᠯᠵᠢᠯ ᠤᠨ ᠦᠢᠯᠡᠴᠢᠯᠡᠭᠡ ᠬᠦᠷᠲᠡᠭᠡᠬᠦ ᠪᠠᠷ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号