ᠰᠠᠨᠠᠭᠠᠴᠢᠯᠠᠭ᠎ᠠ ᠶᠢᠨ ᠪᠢᠴᠢᠭ
ᠨᠡᠶᠢᠲᠡᠯᠡᠭᠰᠡᠨ ᠴᠠᠭ᠄
2025/6/11
ᠪᠦᠬᠦ ᠬᠤᠰᠢᠭᠤᠨ ᠤ ᠠᠷᠠᠳ ᠢᠷᠭᠡᠳ ᠲᠤ᠄    ᠤᠶᠢᠷ᠎ᠠ ᠳᠤ᠂ ᠭᠦᠨᠪᠤᠯᠠᠭ ᠰᠤᠮᠤᠨ ᠤ ᠪᠠᠶᠠᠨ ᠴᠠᠭᠠᠨ ᠨᠠᠭᠤᠷ ᠨᠢ ᠦᠪᠡᠷᠮᠢᠴᠡ ᠰᠠᠶᠢᠬᠠᠨ ᠦᠩᠭᠡ ᠦᠵᠡᠮᠵᠢ  ᠪᠠᠷ ᠢᠶᠠᠨ ︽ᠰᠦᠨ ᠨᠠᠭᠤᠷ︾ ᠬᠡᠮᠡᠨ ᠰᠦᠯᠵᠢᠶ᠎ᠡ ᠲᠦᠬᠦᠷᠡᠩ ᠰᠠᠴᠤᠭᠳᠠᠵᠤ᠂  ᠲᠦᠷᠪᠡᠨ ᠵᠦᠭ ᠤᠨ ᠵᠤᠴᠢᠳ ᠵᠢᠭᠤᠯᠴᠢᠯᠠᠭᠴᠢ ᠡᠨᠡ ᠨᠤᠳᠤᠭ ᠲᠤ ᠴᠤᠭᠯᠠᠷᠠᠨ᠂  ᠠᠭᠤᠯᠠ  ᠤᠰᠤᠨ ᠮᠢᠨᠢ ᠭᠤᠴᠤ ᠦᠵᠡᠮᠵᠢ ᠶᠢ ᠪᠠᠭ᠋ᠠᠳᠤᠨ ᠰᠤᠨᠢᠷᠬᠠᠵᠤ ᠪᠠᠶᠢᠭ᠎ᠠ᠃  ᠡᠨᠡ ᠬᠦ ᠡᠷᠬᠢᠮ ᠨᠠᠨᠳᠢᠨ ᠠᠵᠠ ᠲᠣᠬᠢᠶᠠᠯ ᠢ ᠨᠠᠨᠳᠢᠩᠨᠠᠵᠤ  ᠂ ᠨᠤᠳᠤᠭ ᠤᠰᠤ ᠪᠠᠨ ᠲᠠᠶᠠᠭᠠᠷ ᠲᠤ ᠲᠠᠨᠢᠭᠤᠯᠤᠨ᠂  ᠢᠷᠡᠭᠰᠡᠨ ᠵᠤᠴᠢᠳ ᠲᠤ ᠰᠠᠶᠢᠨ ᠰᠠᠶᠢᠬᠠᠨ ᠰᠠᠭᠤᠭᠳᠠᠯ ᠦᠯᠡᠳᠡᠭᠡᠬᠦ ᠶᠢᠨ ᠲᠥᠯᠥᠭᠡ ᠳᠣᠣᠷᠠᠬᠢ ᠮᠡᠲᠦ ᠰᠠᠨᠠᠭᠠᠴᠢᠯᠠᠭ᠎ᠠ ᠶᠢ ᠭᠠᠷᠭᠠᠯ᠎ᠠ᠄     ᠢᠷᠡᠭᠰᠡᠨ ᠵᠣᠴᠢᠨ ᠳᠤ ᠬᠠᠯᠠᠭᠤᠮᠰᠠᠭ ᠢᠶᠠᠷ ᠬᠠᠨᠳᠤᠵᠤ ᠪᠣᠯᠪᠠᠰᠤᠨ ᠵᠢᠭᠤᠯᠴᠢᠯᠠᠯ ᠤᠨ ᠬᠠᠪᠰᠤᠷᠤᠭᠴᠢ ᠪᠤᠯᠵᠠᠭᠠᠶ᠎ᠠ᠃  ︽ᠡᠵᠡᠨ ᠬᠥᠮᠦᠨ︾ ᠤ ᠵᠣᠷᠢᠭ ᠰᠠᠨᠠᠭ᠎ᠠ ᠶᠢ ᠪᠠᠳᠠᠷᠠᠭᠤᠯᠵᠤ᠂  ᠦᠪᠡᠷᠰᠡᠳ ᠤᠨ ᠲᠤᠭᠤᠷᠢᠵᠤ ᠵᠢᠭᠤᠯᠴᠢᠯᠠᠬᠤ ᠴᠠᠭ ᠬᠤᠭᠤᠴᠠᠭ᠎ᠠ ᠪᠠᠨ ᠵᠤᠬᠢᠴᠠᠭᠤᠯᠤᠨ᠂ ᠣᠷᠭᠢᠯ ᠬᠤᠭᠤᠴᠠᠭ᠎ᠠ ᠠᠴᠠ ᠵᠠᠶᠢᠯᠰᠠᠬᠢᠵᠤ᠂ ᠤᠯᠠᠨ ᠲᠠᠢ ᠪᠤᠯᠢᠶᠠᠯᠳᠤᠬᠤ ᠶᠢ ᠴᠡᠭᠡᠷᠯᠡᠨ᠎ᠡ  ᠃ ᠴᠢᠳᠠᠬᠤ  ᠶᠢᠨ ᠲᠤᠳᠤᠷ᠎ᠠ ᠶᠠᠪᠠᠭᠠᠨ ᠶᠠᠪᠤᠬᠤ᠂ ᠳᠤᠭᠤᠶ ᠤᠨᠤᠬᠤ᠂ ᠨᠡᠶᠢᠲᠡ ᠶᠢᠨ ᠮᠠᠰᠢᠨ ᠳᠤ ᠰᠠᠭᠤᠬᠤ᠂   ᠨᠢᠬᠡ ᠮᠠᠰᠢᠨ ᠢᠶᠠᠷ ᠨᠡᠶᠢᠯᠡᠯᠳᠦᠵᠦ ᠠᠶᠠᠯᠠᠬᠤ ᠵᠡᠷᠭᠡ ᠪᠣᠬᠢᠷᠲᠤᠯ ᠪᠠᠭᠠᠳᠠᠢ ᠠᠷᠭ᠎ᠠ ᠬᠡᠯᠪᠡᠷᠢ  ᠪᠠᠷ ᠵᠠᠮᠨᠠᠵᠤ᠂  ᠭᠠᠳᠠᠨ᠎ᠠ ᠤᠷᠤᠨ ᠤ ᠵᠤᠴᠢᠳ ᠵᠢᠭᠤᠯᠴᠢᠯᠠᠭᠴᠢᠳ ᠲᠤ ᠤᠬᠠᠮᠰᠠᠷ ᠠᠴᠠ ᠪᠠᠨ ᠵᠠᠮ ᠲᠠᠯᠪᠢᠵᠤ᠂ ᠲᠠᠶᠢᠹᠤᠰᠧ ᠬᠤᠰᠢᠭᠤᠨ ᠤ ᠪᠠᠨ ᠵᠠᠮ  ᠬᠠᠷᠢᠯᠴᠠᠭᠠᠨ ᠤ ᠰᠠᠶᠢᠨ ᠰᠠᠶᠢᠬᠠᠨ ᠲᠦᠷᠢ ᠲᠦᠷᠬᠦ ᠶᠢ ᠬᠠᠷᠠᠭᠤᠯᠤᠨ᠎ᠠ᠃ ᠦᠵᠡᠮᠵᠢ ᠶᠢᠨ ᠣᠷᠣᠨ ᠳᠤ ᠲᠡᠷᠭᠡ ᠬᠦᠰᠭᠡ ᠵᠤᠭᠰᠤᠭᠠᠬᠤ ᠳᠠᠭᠠᠨ ᠴᠤ ᠭᠠᠳᠠᠨ᠎ᠠ ᠤᠷᠤᠨ ᠤ ᠬᠦᠮᠦᠰ ᠲᠤ ᠢᠯᠡᠬᠦᠬᠡᠨ ᠨᠠᠶᠢᠷ ᠲᠠᠯᠪᠢᠵᠤ ᠪᠠᠶᠢᠭᠠᠷᠠᠢ᠃  ᠲᠠᠨ ᠤ  ᠨᠢᠬᠡ ᠤᠳᠠᠭᠠᠨ ᠤ ᠬᠠᠯᠠᠭᠤᠮᠰᠠᠭ ᠵᠠᠩ ᠲᠤᠳᠤᠨᠤᠰᠤᠭ ᠦᠢᠯᠡ  ᠠᠴᠠ ᠪᠤᠯᠵᠤ᠂  ᠬᠤᠰᠢᠭᠤ ᠨᠤᠳᠤᠭ ᠮᠢᠨᠢ ᠭᠠᠳᠠᠨ᠎ᠠ ᠬᠦᠮᠦᠰ ᠲᠤ ᠤᠯᠠᠮ ᠰᠠᠶᠢᠬᠠᠨ ᠢᠶᠠᠷ ᠬᠠᠷᠠᠭᠳᠠᠵᠤ ᠲᠠᠨᠢᠭᠳᠠᠨ᠎ᠠ ᠭᠡᠳᠡᠭ ᠲᠤ ᠢᠳᠡᠭᠡᠭᠡᠴᠢ᠃     ᠢᠷᠡᠭᠰᠡᠨ ᠵᠤᠴᠢᠨ ᠳᠤ ᠢᠲᠡᠭᠡᠮᠵᠢᠲᠡᠢ ᠬᠠᠨᠳᠤᠵᠤ ᠪᠣᠯᠪᠠᠰᠤᠨ ᠵᠢᠭᠤᠯᠴᠢᠯᠠᠯ ᠤᠨ ᠦᠢᠯᠡᠳᠦᠯᠭᠡᠵᠢᠭᠦᠯᠦᠭᠴᠢ ᠪᠤᠯᠵᠠᠭᠠᠶ᠎ᠠ᠃  ᠪᠦᠬᠦ ᠬᠤᠰᠢᠭᠤᠨ ᠤ ᠬᠤᠨᠤᠭ ᠪᠠᠭᠤᠳᠠᠯ ᠤᠨ ᠭᠠᠵᠠᠷ ᠤᠳ ᠨᠢ ᠦᠨᠡᠨᠴᠢ ᠢᠲᠡᠭᠡᠮᠵᠢᠲᠡᠶ ᠪᠠᠷ  ᠡᠵᠡᠩᠨᠡᠯᠳᠡ ᠬᠢᠵᠦ᠂ ᠦᠨ᠎ᠡ ᠬᠠᠩᠰᠢ ᠪᠠᠨ ᠳᠦᠷᠭᠢᠯᠳᠦᠨ ᠥᠰᠬᠡᠬᠦ ᠥᠬᠡᠶ᠂ ᠭᠠᠳᠠᠨ᠎ᠠ ᠶᠢᠨ ᠬᠦᠮᠦᠨ ᠳᠤ ᠢᠯᠭᠠᠭ᠎ᠠ  ᠲᠠᠢ ᠬᠠᠨᠳᠤᠬᠤ ᠥᠬᠡᠶ ᠪᠠᠶᠢᠵᠤ᠂  ᠵᠤᠴᠢᠨ ᠨᠢᠬᠡᠪᠦᠷᠢ ᠳᠤ ᠭᠡᠷ ᠲᠡᠭᠡᠨ ᠬᠠᠷᠢᠭᠰᠠᠨ ᠦᠬᠡᠷ᠎ᠡ ᠦᠬᠡᠢ ᠠᠮᠤᠷ ᠲᠦᠪᠰᠢᠨ ᠬᠠᠯᠠᠭᠤᠨ ᠳᠤᠯᠠᠭᠠᠨ ᠰᠠᠭᠤᠭᠳᠠᠯ ᠦᠭᠬᠦ ᠪᠠᠷ ᠴᠢᠷᠮᠠᠶᠢᠵᠠᠭᠠᠶ᠎ᠠ  ᠃ ᠬᠤᠭᠤᠯᠠᠨ ᠭᠡᠷ᠂ ᠳᠡᠯᠭᠡᠭᠦᠷ ᠬᠤᠳᠠᠯᠳᠤᠭ᠎ᠠ ᠪᠠᠨ ᠴᠡᠪᠡᠷ ᠴᠡᠮᠴᠡᠭᠡᠷ ᠪᠠᠶᠢᠯᠭᠠᠵᠤ᠂ ᠦᠨ᠎ᠡ ᠬᠠᠩᠰᠢ ᠢᠯᠡ ᠲᠣᠳᠣ᠂ ᠢᠳᠡᠭᠡᠨ ᠤᠮᠳᠠᠭᠠᠨ ᠰᠢᠨ᠎ᠡ ᠰᠣᠷᠭᠤᠭ ᠪᠠᠶᠢᠬᠤ ᠶᠢ  ᠪᠠᠳᠤᠯᠠᠨ᠂     ᠲᠦᠷᠢᠶᠡᠰᠦᠨ ᠮᠠᠰᠢᠨ ᠤ ᠵᠢᠯᠤᠭᠤᠴᠢ ᠨᠠᠷ ᠡᠵᠡᠩᠨᠡᠯᠲᠡ ᠶᠢᠨ ᠠᠵᠢᠯᠯᠠᠭ᠎ᠠ ᠪᠠᠨ ᠲᠦᠷᠢᠮᠵᠢᠬᠦᠯᠵᠦ᠂  ᠲᠤᠭᠤᠷᠢᠭᠤ ᠵᠠᠮ ᠢᠶᠠᠷ ᠶᠠᠪᠤᠬᠤ  ᠂ ᠦᠨ᠎ᠡ ᠬᠠᠩᠰᠢ ᠪᠠᠨ ᠨᠡᠮᠡᠬᠦ ᠶᠢ ᠡᠷᠡᠰ ᠴᠡᠭᠡᠷᠯᠡᠨ᠂ ᠦᠨᠡᠨᠴᠢ ᠢᠳᠡᠬᠡᠮᠵᠢᠳᠡᠢ ᠦᠢᠯᠡᠴᠢᠯᠡᠭᠡ ᠪᠠᠷ ᠢᠶᠠᠨ ᠵᠤᠴᠢᠳ ᠵᠢᠭᠤᠯᠴᠢᠯᠠᠭᠴᠢᠳ ᠢ ᠰᠠᠨᠠᠭ᠎ᠠ ᠠᠮᠤᠷ ᠰᠡᠳᠬᠢᠯ ᠬᠠᠨᠣᠮᠵᠢᠳᠠᠢ ᠪᠠᠶᠢᠯᠠᠭᠠᠶ᠎ᠠ  ᠃     ᠢᠷᠡᠭᠰᠡᠨ ᠵᠤᠴᠢᠨ ᠳᠤ ᠨᠦᠬᠦᠷᠰᠡᠭ ᠢᠶᠠᠷ ᠬᠠᠨᠳᠤᠵᠤ  ᠪᠣᠯᠪᠠᠰᠤᠨ ᠠᠶᠠᠯᠠᠯ ᠵᠢᠭᠤᠯᠴᠢᠯᠠᠯ ᠤᠨ ᠬᠥᠲᠥᠯᠦᠭᠴᠢ ᠪᠤᠯᠵᠠᠭᠠᠶ᠎ᠠ᠃ ᠪᠣᠯᠪᠠᠰᠤᠨ ᠪᠣᠯ ᠬᠤᠲᠠ ᠪᠠᠯᠭᠠᠰᠤᠨ ᠤ ᠬᠠᠮᠤᠭ ᠤᠨ ᠭᠤᠶᠣ ᠳᠡᠪᠢᠰᠬᠡᠷ ᠥᠩᠭᠡ ᠪᠢᠯᠡ᠃  ᠪᠢᠳᠡ ᠪᠦᠬᠦᠨ ︽ᠡᠵᠡᠨ ᠬᠥᠮᠥᠨ︾ ᠤ ᠤᠪᠤᠷ ᠢᠶᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂  ᠬᠦᠮᠦᠨ ᠨᠢᠬᠡᠪᠦᠷᠢ ᠪᠤᠯᠪᠠᠰᠤᠨ ᠤ ᠦᠢᠯᠡᠳᠦᠯᠬᠡᠵᠢᠬᠦᠯᠦᠭᠴᠢ ᠪᠠ ᠵᠢᠭᠤᠯᠴᠢᠯᠠᠯ ᠤᠨ ᠲᠠᠨᠢᠯᠴᠠᠭᠤᠯᠤᠭᠴᠢ ᠪᠣᠯᠬᠤ ᠪᠠᠷ ᠴᠢᠷᠮᠠᠶᠢᠨ᠂ ᠲᠤᠭᠤᠷᠢᠵᠤ ᠵᠢᠭᠤᠯᠴᠢᠯᠠᠬᠤ᠂  ᠢᠳᠡᠵᠦ ᠤᠤᠭᠤᠬᠤ᠂ ᠬᠤᠨᠣᠵᠤ ᠬᠡᠪᠲᠡᠬᠦ ᠵᠡᠷᠭᠡ ᠲᠠᠯᠠᠪᠠᠷ ᠬᠤᠯᠠ ᠶᠢᠨ ᠵᠤᠴᠢᠳ  ᠲᠤ ᠬᠠᠪᠰᠤᠷᠤᠯᠭ᠎ᠠ ᠵᠢᠯᠣᠭᠤᠳᠤᠯᠭ᠎ᠠ ᠬᠠᠩᠭᠠᠵᠤ᠂ ᠲᠠᠶᠢᠹᠤᠰᠧ ᠬᠤᠰᠢᠭᠤᠨ ᠤ ᠪᠠᠨ ᠦᠩᠭᠡ ᠦᠵᠡᠮᠵᠢ᠂ ᠠᠮᠲᠠᠲᠤ ᠢᠳᠡᠭᠡᠨ᠂ ᠲᠡᠦᠬᠡ ᠰᠣᠶᠣᠯ ᠵᠡᠷᠭᠡ ᠵᠢᠭᠤᠯᠴᠢᠯᠠᠯ ᠤᠨ ᠡᠬᠢ ᠪᠠᠶᠠᠯᠢᠭ ᠢ ᠲᠠᠨᠢᠯᠴᠠᠭᠤᠯᠤᠨ᠂  ᠦᠨᠡᠨᠴᠢ ᠬᠠᠯᠠᠭᠤᠨ ᠰᠡᠳᠬᠢᠯ ᠢᠶᠠᠷ ᠵᠤᠴᠢᠳ ᠵᠢᠭᠤᠯᠴᠢᠯᠠᠭᠴᠢᠳ ᠲᠠᠢ ᠨᠠᠶᠢᠵᠠᠯᠠᠵᠤ᠂  ᠦᠪᠡᠷ ᠦᠪᠡᠷ ᠤᠨ ᠴᠢᠳᠠᠯ ᠢᠶᠠᠷ ᠬᠤᠰᠢᠭᠤ ᠨᠤᠳᠤᠭ ᠢᠶᠠᠨ ᠤᠬᠠᠭᠤᠯᠰᠤᠭᠠᠢ᠃    ᠨᠢᠭᠡ ᠬᠤᠳᠠ ᠶᠢ ᠬᠠᠶᠢᠷᠠᠯᠠᠨ ᠪᠠᠭ᠋ᠠᠷᠬᠠᠬᠤ ᠳᠤ᠂ ᠪᠤᠯᠪᠠᠰᠤᠨ ᠭᠡᠭᠡᠨᠴᠢᠷ ᠲᠦᠷᠢ ᠲᠦᠷᠬᠦ ᠶᠢ ᠨᠢ ᠦᠵᠡᠨ᠎ᠡ᠂ ᠦᠨᠡᠨᠴᠢ ᠢᠳᠡᠬᠡᠮᠵᠢᠳᠡᠢ ᠤᠷᠴᠢᠨ ᠨᠦᠬᠦᠴᠡᠯ ᠢ ᠨᠢ ᠦᠵᠡᠨ᠎ᠡ᠃  ᠪᠥᠬᠦ ᠬᠤᠰᠢᠭᠤᠨ ᠤ ᠦᠨᠳᠦᠰᠦᠲᠡᠨ ᠨᠦᠭᠦᠳ ᠤᠨ ᠣᠯᠠᠨ ᠲᠦᠮᠡᠨ ᠭᠠᠷ ᠬᠤᠯᠪᠣᠨ ᠤᠷᠤᠭᠰᠢᠯᠠᠵᠤ᠂ ᠬᠦᠰᠡᠯ ᠵᠡᠭᠦᠳᠦ ᠪᠠᠨ ᠲᠡᠷᠭᠡᠯᠰᠢᠭᠦᠯᠦᠨ᠂ ᠬᠠᠮᠤᠭ ᠤᠨ ᠭᠤᠶᠣ ᠣᠷᠴᠢᠨ ᠠᠬᠤᠢ᠂ ᠬᠠᠮᠤᠭ ᠤᠨ ᠳᠤᠯᠠᠭᠠᠨ ᠦᠢᠯᠡᠴᠢᠯᠡᠭᠡ᠂ ᠬᠠᠮᠤᠭ ᠤᠨ ᠦᠨᠡᠨᠴᠢ ᠰᠡᠳᠬᠢᠯ ᠢᠶᠠᠷ ᠢᠶᠠᠨ ᠬᠤᠯᠠ  ᠤᠶᠢᠷ᠎ᠠ ᠶᠢᠨ ᠵᠤᠴᠢᠳ ᠵᠢᠭᠤᠯᠴᠢᠯᠠᠭᠴᠢᠳ ᠢ ᠤᠭᠲᠤᠵᠤ᠂ ᠲᠠᠶᠢᠹᠤᠰᠧᠴᠤᠳ ᠤᠨ ᠢᠶᠠᠨ ︽ᠡᠭᠡᠯ ᠪᠣᠷᠣᠭᠵᠢᠭᠤᠨ᠂ ᠪᠣᠯᠪᠠᠰᠤᠨ ᠵᠤᠴᠢᠨᠰᠠᠭ᠂ ᠦᠨᠡᠨᠴᠢ ᠢᠲᠡᠭᠡᠮᠵᠢᠲᠡᠶ︾  ᠭᠡᠪ ᠲᠦᠷᠬᠦ ᠶᠢ ᠲᠠᠶᠠᠭᠠᠷ ᠲᠤ ᠬᠠᠷᠠᠭᠤᠯᠬᠤ ᠪᠠᠷ ᠴᠢᠷᠮᠠᠶᠢᠵᠠᠭᠠᠶ᠎ᠠ︕    ᠨᠤᠳᠤᠭ ᠤᠰᠤ ᠪᠠᠨ ᠬᠠᠶᠢᠷᠠᠯᠠᠨ ᠬᠠᠮᠠᠭᠠᠯᠠᠵᠤ ᠴᠤᠭᠴᠠᠯᠠᠨ ᠬᠦᠭᠵᠢᠬᠦᠯᠦᠭᠰᠡᠨ ᠬᠦᠮᠦᠨ ᠨᠢᠬᠡᠪᠦᠷᠢ ᠳᠤ ᠬᠦᠨᠳᠦᠳᠭᠡᠯ ᠲᠠᠯᠠᠷᠬᠠᠯ ᠲᠡᠪᠰᠢᠬᠦᠯᠵᠦ ᠪᠠᠶᠢᠨᠠᠮ  ︕                                                         ᠲᠠᠶᠢᠹᠤᠰᠧ ᠬᠤᠰᠢᠭᠤᠨ ᠤ ᠠᠷᠠᠳ ᠤᠨ ᠵᠠᠰᠠᠭ ᠤᠨ ᠤᠷᠳᠤᠨ                                2025 ᠤᠨ ᠤ 6 ᠰᠠᠷ᠎ᠠ ᠶᠢᠨ 8 ᠤ ᠡᠳᠦᠷ
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号