ᠪᠤᠤᠴᠠᠩ ᠪᠠᠯᠭᠠᠰᠤ ᠰᠡᠷᠡᠮᠵᠢᠯᠡᠭᠦᠯᠬᠦ ᠬᠥᠮᠦᠵᠢᠯ ᠤᠨ ᠬᠤᠷᠠᠯ ᠬᠢᠭᠰᠡᠨ
ᠨᠡᠶᠢᠲᠡᠯᠡᠭᠰᠡᠨ ᠴᠠᠭ᠄
2025/6/11
   6 ᠰᠠᠷ᠎ᠠ ᠶᠢᠨ 9 ᠤ ᠡᠳᠦᠷ᠂ ᠪᠤᠤᠴᠠᠩ ᠪᠠᠯᠭᠠᠰᠤ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠤᠨ ᠰᠡᠷᠡᠮᠵᠢᠯᠡᠭᠦᠯᠬᠦ ᠬᠥᠮᠦᠵᠢᠯ ᠤᠨ ᠬᠤᠷᠠᠯ ᠵᠢᠴᠢ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠤᠨ ᠬᠤᠷᠠᠯ ᠬᠤᠷᠠᠯᠳᠤᠭᠤᠯᠵᠤ᠂ ᠪᠠᠯᠭᠠᠰᠤᠨ ᠤ ᠤᠳᠤᠷᠢᠳᠬᠤ ᠪᠠᠭ ᠤᠨ ᠭᠡᠰᠢᠬᠦᠳ᠂  ᠪᠠᠶᠢᠭᠤᠯᠭ᠎ᠠ ᠨᠢᠭᠡᠴᠡ ᠶᠢᠨ ᠬᠠᠷᠢᠭᠤᠴᠠᠯᠭᠠᠲᠠᠨ᠂ ᠪᠠᠶᠢᠭᠤᠯᠭ᠎ᠠ ᠶᠢᠨ ᠨᠠᠮ ᠤᠨ ᠭᠡᠰᠢᠬᠦᠳ ᠪᠣᠯᠤᠨ ᠡᠯ᠎ᠡ ᠲᠣᠰᠬᠤᠨ ︵ᠨᠡᠶᠢᠭᠡᠮ ᠲᠣᠭᠤᠷᠢᠭ︶ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠨᠠᠷ ᠬᠤᠷᠠᠯ ᠳᠤ ᠣᠷᠣᠯᠴᠠᠪᠠ᠃ ᠬᠤᠷᠠᠯ  ᠲᠡᠭᠡᠷ᠎ᠡ᠂  ᠲᠦᠷᠢᠮ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠶᠢ ᠲᠥᠪᠯᠡᠷᠡᠭᠦᠯᠦᠨ ᠴᠡᠭᠴᠡᠯᠡᠬᠦ ᠲᠤᠬᠠᠶ ᠲᠥᠪ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠥᠬᠦᠶ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠬᠢᠭᠡᠳ ᠠᠵᠢᠯ ᠤᠨ ᠱᠠᠭᠠᠷᠳᠠᠯᠭ᠎ᠠ ᠶᠢ ᠤᠯᠠᠮᠵᠢᠯᠠᠨ ᠰᠤᠷᠤᠯᠴᠠᠵᠤ᠂ ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠵᠥᠷᠢᠴᠡᠭᠰᠡᠨ ᠨᠡᠶᠢᠲᠡᠯᠢᠭ ᠬᠡᠷᠡᠭ ᠤᠨ ᠵᠢᠱᠢᠶ᠎ᠡ ᠶᠢ ᠵᠠᠷᠯᠠᠨ ᠮᠡᠳᠡᠭᠳᠡᠭᠰᠡᠨ ᠪᠥᠭᠡᠳ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠭᠤᠤᠯᠳᠠᠯᠭ᠎ᠠ ᠲᠠᠢ ᠠᠵᠢᠯ ᠳᠤ  ᠪᠠᠶᠢᠷᠢᠯᠠᠭᠤᠯᠤᠯᠲᠠ ᠬᠢᠵᠡᠢ᠃ ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠣᠶᠢᠯᠠᠭᠠᠵᠤ᠂  ᠲᠦᠷᠢᠮ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠶᠢ ᠲᠥᠪᠯᠡᠷᠡᠭᠦᠯᠦᠨ ᠴᠡᠭᠴᠡᠯᠡᠬᠦ ᠠᠵᠢᠯ ᠤᠨ ᠲᠤᠬᠠᠢ ᠨᠠᠮ ᠤᠨ ᠲᠦᠪ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠤᠨ᠂ ᠦᠵᠡᠯ ᠰᠠᠨᠠᠭ᠎ᠠ ᠲᠠᠨᠢᠯᠲᠠ ᠪᠠᠨ ᠭᠦᠨᠵᠡᠭᠡᠶᠢᠷᠡᠭᠦᠯᠵᠦ᠂ ᠴᠢᠩᠭ᠎ᠠ ᠪᠠᠶᠢᠬᠤ ᠶᠢ ᠲᠡᠷᠢᠭᠦᠨ ᠳᠤ ᠲᠠᠯᠪᠢᠬᠤ ᠶᠢ ᠪᠠᠷᠢᠮᠳᠠᠯᠠᠨ᠂ ᠲᠦᠷᠢᠮ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠠᠷᠬᠠᠭ ᠭᠡᠮ ᠢ ᠡᠷᠡᠰ ᠵᠠᠯᠠᠷᠠᠭᠤᠯᠤᠨ ᠵᠠᠰᠠᠵᠤ᠂ ᠰᠤᠷᠤᠯᠴᠠᠯᠭ᠎ᠠ ᠬᠥᠮᠦᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠦᠨᠡᠨᠬᠦ ᠠᠬᠢᠭᠤᠯᠬᠤ ᠬᠡᠷᠡᠭᠲᠡᠢ᠃ ᠪᠥᠬᠦ ᠪᠠᠯᠭᠠᠰᠤᠨ ᠤ ᠳᠡᠭᠡᠳᠦ ᠳᠣᠤᠷᠠᠳᠤ ᠱᠠᠲᠤᠨ ᠤ ᠬᠢᠨ ᠥᠪᠡᠷ ᠢ ᠪᠠᠨ ᠪᠠᠶᠢᠴᠠᠭᠠᠵᠤ ᠥᠪᠡᠷ ᠢ ᠪᠠᠨ ᠵᠠᠯᠠᠷᠠᠭᠤᠯᠬᠤ ᠠᠵᠢᠯ ᠢ ᠪᠥᠬᠦ ᠲᠠᠯ᠎ᠠ ᠪᠠᠷ ᠥᠷᠨᠢᠭᠦᠯᠵᠦ᠂  ᠬᠡᠷᠡᠭ ᠤᠨ ᠵᠢᠱᠢᠶ᠎ᠡ ᠪᠠᠷ ᠶᠣᠰᠣ ᠮᠣᠷᠠᠯ ᠢ  ᠲᠠᠶᠢᠯᠪᠤᠷᠢᠯᠠᠬᠤ᠂ ᠬᠡᠷᠡᠭ ᠤᠨ ᠵᠢᠱᠢᠶ᠎ᠡ ᠪᠠᠷ ᠬᠠᠤᠯᠢ ᠲᠦᠷᠢᠮ ᠢ ᠲᠠᠶᠢᠯᠪᠤᠷᠢᠯᠠᠬᠤ᠂ ᠬᠡᠷᠡᠭ ᠤᠨ ᠵᠢᠱᠢᠶ᠎ᠡ ᠪᠠᠷ ᠡᠬᠦᠷᠭᠡ ᠬᠠᠷᠢᠭᠤᠴᠠᠯᠭ᠎ᠠ ᠶᠢ ᠲᠠᠶᠢᠯᠪᠤᠷᠢᠯᠠᠬᠤ ᠶᠢ ᠪᠠᠷᠢᠮᠳᠠᠯᠠᠨ᠂ ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠵᠥᠷᠢᠴᠡᠭᠰᠡᠨ ᠨᠡᠶᠢᠲᠡᠯᠢᠭ ᠬᠡᠷᠡᠭ ᠤᠨ ᠵᠢᠱᠢᠶ᠎ᠡ ᠠᠴᠠ ᠭᠦᠨᠵᠡᠭᠡᠶ ᠰᠤᠷᠭᠠᠮᠵᠢ ᠠᠪᠴᠤ᠂ ᠳᠡᠷᠭᠡᠳᠡᠬᠢ ᠤᠴᠢᠷ ᠢᠶᠠᠷ ᠳᠡᠷᠭᠡᠳᠡᠬᠢ ᠬᠥᠮᠦᠨ ᠢᠶᠠᠨ ᠰᠤᠷᠭᠠᠵᠤ᠂ ᠨᠠᠮ ᠤᠨ ᠭᠡᠰᠢᠭᠦᠨ ᠺᠠᠳ᠋ᠷᠴᠤᠳ ᠤᠨ ᠰᠣᠨᠣᠷ ᠰᠡᠷᠡᠮᠵᠢ ᠲᠠᠢ ᠪᠠᠶᠢᠬᠤ᠂ ᠪᠢᠰᠢᠷᠡᠨ ᠵᠢᠷᠦᠬᠡᠰᠢᠶᠡᠬᠦ ᠶᠢ ᠮᠡᠳᠡᠬᠦ᠂ ᠬᠤᠷᠢᠭ᠎ᠠ ᠱᠤᠭᠤᠮ ᠢ ᠰᠠᠬᠢᠬᠤ ᠶᠢ ᠠᠬᠢᠭᠤᠯᠬᠤ ᠬᠡᠷᠡᠭᠲᠡᠶ᠃ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ︽ᠨᠢᠭᠡ ᠠᠵᠢᠯ ᠤᠨ ᠪᠠᠶᠢᠷᠢ ᠳᠤ ᠬᠤᠶᠠᠷ ᠬᠠᠷᠢᠭᠤᠴᠠᠯᠭ᠎ᠠ ᠡᠬᠦᠷᠭᠡᠯᠡᠬᠦ︾ ᠶᠢ ᠪᠣᠳᠠᠲᠠᠶᠢᠵᠢᠭᠤᠯᠵᠤ᠂ ᠡᠯ᠎ᠡ ᠱᠠᠲᠤᠨ ᠤ ᠤᠳᠤᠷᠢᠳᠬᠤ ᠪᠠᠭ ᠤᠨ ᠭᠡᠰᠢᠬᠦᠳ ᠪᠡᠶ᠎ᠡ ᠪᠠᠷ ᠢᠶᠠᠨ ᠬᠡᠪ ᠲᠦᠷᠢᠮ ᠪᠣᠯᠵᠣ᠂ ᠨᠠᠮ ᠤᠨ ᠭᠡᠰᠢᠭᠦᠨ ᠺᠠᠳ᠋ᠷᠴᠤᠳ ᠢ  ᠵᠢᠯᠤᠭᠤᠳᠤᠨ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠬᠡᠷᠡᠭᠲᠡᠶ ᠬᠡᠵᠦ ᠴᠢᠬᠤᠯᠠᠴᠢᠯᠠᠭᠰᠠᠨ ᠪᠠᠶᠢᠨ᠎ᠠ᠃
 
ᠢᠷᠡᠯᠲᠡ᠄ ᠪᠤᠤᠴᠠᠩ ᠪᠠᠯᠭᠠᠰᠤᠨ  ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号