ᠶᠦᠩ ᠹᠧᠩ ᠪᠠᠯᠭᠠᠰᠤ ᠨᠠᠮ ᠤᠨ ᠬᠤᠷᠢᠶᠠᠨ ᠤ ︵ᠥᠷᠭᠡᠳᠬᠡᠭᠰᠡᠨ︶ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/6/11
   ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢᠨ ᠲᠥᠯᠥᠭᠡ᠂ 6 ᠰᠠᠷ᠎ᠠ ᠶᠢᠨ 9 ᠤ ᠡᠳᠦᠷ ᠶᠦᠩ ᠹᠧᠩ ᠪᠠᠯᠭᠠᠰᠤ ᠨᠠᠮ ᠤᠨ ᠬᠤᠷᠢᠶᠠᠨ ᠤ ︵ᠥᠷᠭᠡᠳᠬᠡᠭᠰᠡᠨ︶ ᠬᠤᠷᠠᠯ ᠵᠢᠴᠢ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠶᠠᠳᠤᠭᠠᠷ ᠤᠳᠠᠭᠠᠨ ᠤ ᠬᠤᠷᠠᠯ ᠢ ᠬᠤᠷᠠᠯᠳᠤᠭᠤᠯᠵᠤ᠂ ᠪᠦᠬᠦ ᠪᠠᠯᠭᠠᠰᠤᠨ ᠤ ᠰᠤᠷᠤᠯᠴᠠᠯᠭ᠎ᠠ ᠬᠥᠮᠦᠵᠢᠯ ᠤᠨ ᠠᠵᠢᠯ ᠢ ᠲᠠᠬᠢᠨ ᠪᠠᠶᠢᠷᠢᠯᠠᠭᠤᠯᠵᠤ ᠴᠢᠨᠠᠭᠰᠢᠳᠠ ᠠᠬᠢᠭᠤᠯᠪᠠ᠃ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠸᠠᠩ ᠵᠢᠶᠦ᠋ᠨ ᠱᠧᠩ ᠬᠤᠷᠠᠯ ᠢ ᠡᠷᠭᠢᠯᠡᠵᠦ᠂ ᠪᠠᠯᠭᠠᠰᠤᠨ ᠤ ᠤᠳᠤᠷᠢᠳᠬᠤ ᠪᠠᠭ ᠤᠨ ᠭᠡᠰᠢᠬᠦᠳ᠂ ᠪᠠᠯᠭᠠᠰᠤᠨ ᠤ ᠺᠠᠳ᠋ᠷ ᠠᠵᠢᠯᠲᠠᠨ᠂ ᠡᠯ᠎ᠡ ᠲᠤᠰᠬᠤᠨ ᠤ ᠨᠠᠮ ᠤᠨ ᠡᠭᠦᠷ ᠤᠨ ᠱᠦᠵᠢ ᠬᠤᠷᠠᠯ ᠳᠤ ᠣᠷᠣᠯᠴᠠᠵᠠᠶ᠃ ᠬᠤᠷᠠᠯ ᠳᠡᠭᠡᠷ᠎ᠡ᠂ ᠸᠠᠩ ᠵᠢᠶᠦ᠋ᠨ ᠱᠧᠩ ᠠᠴᠠ ᠲᠥᠪ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ 13 ᠳ᠋ᠤᠭᠠᠷ ᠤᠳᠠᠭᠠᠨ ᠤ ᠬᠤᠷᠠᠯ ᠤᠨ ᠵᠣᠷᠢᠭ ᠰᠠᠨᠠᠭ᠎ᠠ ᠪᠠ ︽ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠶᠢ ᠲᠥᠪᠯᠡᠷᠡᠭᠦᠯᠦᠨ ᠴᠡᠭᠴᠡᠯᠡᠬᠦ ᠲᠤᠬᠠᠶ ᠮᠡᠳᠡᠭᠳᠡᠯ︾ ︽ᠨᠠᠮ ᠵᠠᠰᠠᠭ ᠤᠨ ᠪᠠᠶᠢᠭᠤᠯᠭ᠎ᠠ ᠶᠢᠨ ᠠᠷᠪᠢᠯᠠᠨ  ᠭᠠᠮᠨᠠᠬᠤ ᠶᠢ ᠡᠷᠬᠢᠮᠯᠡᠵᠦ ᠪᠦᠷᠢᠯᠭᠡᠨ ᠰᠦᠢᠳᠭᠡᠬᠦ ᠶᠢ ᠡᠰᠡᠷᠭᠦᠴᠡᠬᠦ ᠲᠦᠷᠢᠮ ︾  ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ  ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠠᠯᠪᠠᠨ ᠬᠡᠷ ᠤᠨ ᠡᠷᠬᠢᠯᠡᠭᠴᠢ ᠵᠢᠶᠠ ᠵᠢᠶᠦ᠋ᠨ ᠮᠧᠶ ᠠᠴᠠ ᠪᠥᠬᠦ ᠪᠠᠯᠭᠠᠰᠤᠨ ᠤ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠢ ᠥᠷᠨᠢᠭᠦᠯᠦᠭᠰᠡᠨ ᠪᠠᠶᠢᠳᠠᠯ ᠢ ᠮᠡᠳᠡᠭᠳᠡᠵᠦ᠂ ᠤᠬᠠᠭᠤᠯᠬᠤ ᠭᠡᠰᠢᠭᠦᠨ  ᠰᠤᠯᠤᠩᠭᠤᠸ᠎ᠠ ᠠᠴᠠ ︽ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ᠨᠠᠮ ᠤᠨ ᠬᠤᠷᠢᠶ᠎ᠠ᠂ ᠬᠤᠰᠢᠭᠤ ᠨᠠᠮ ᠤᠨ ᠬᠤᠷᠢᠶᠠᠨ ᠤ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠵᠥᠷᠢᠴᠡᠭᠰᠡᠨ ᠨᠡᠶᠢᠲᠡᠯᠢᠭ ᠬᠡᠷᠡᠭ ᠤᠨ ᠵᠢᠱᠢᠶᠡᠨ ᠤ ᠡᠮᠬᠢᠳᠬᠡᠯ︾ ᠢ ᠤᠯᠠᠮᠵᠢᠯᠠᠨ ᠰᠤᠷᠤᠯᠴᠠᠪᠠ᠃ ᠬᠤᠷᠠᠯ ᠠᠴᠠ  ᠂ ᠤᠳᠤᠷᠢᠳᠬᠤ ᠪᠠᠭ ᠤᠨ ᠭᠡᠰᠢᠬᠦᠳ ᠪᠠ ᠺᠠᠳ᠋ᠷ ᠠᠵᠢᠯᠲᠠᠨ᠂ ᠡᠯ᠎ᠡ ᠨᠠᠮ ᠤᠨ ᠡᠭᠦᠷ ᠨᠢ ᠤᠯᠤᠰ ᠲᠥᠷᠥ ᠶᠢᠨ ᠵᠣᠭᠰᠣᠴᠠ ᠪᠠᠨ ᠤᠯᠠᠮ ᠳᠡᠭᠡᠭᠰᠢᠯᠡᠭᠦᠯᠵᠦ᠂ ᠦᠵᠡᠯ ᠰᠠᠨᠠᠭ᠎ᠠ ᠲᠠᠨᠢᠯᠲᠠ ᠪᠠᠨ ᠴᠢᠩᠭᠠᠳᠬᠠᠨ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭᠠᠨ ᠤ ᠰᠤᠷᠤᠯᠴᠠᠯᠭ᠎ᠠ ᠶᠢ ᠦᠷᠭᠦᠯᠵᠢᠯᠡᠨ ᠴᠢᠩᠭᠠᠳᠬᠠᠵᠤ᠂ ᠰᠤᠷᠤᠯᠴᠠᠯᠭ᠎ᠠ ᠪᠠᠷ  ᠲᠡᠭᠡᠭᠰᠢᠯᠡᠯᠳᠡ ᠶᠢ ᠠᠬᠢᠭᠤᠯᠤᠨ᠂ ᠰᠤᠷᠤᠯᠴᠠᠯᠭ᠎ᠠ ᠪᠠᠷ ᠠᠵᠢᠯ ᠢᠶᠠᠨ ᠠᠬᠢᠭᠤᠯᠬᠤ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠪᠠ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ︽11 + 11 +6︾ ᠪᠠ 10 ᠵᠦᠢᠯ ᠤᠨ ᠳᠠᠯᠳᠠ ᠬᠤᠪᠢᠷᠠᠯ ᠤᠨ ᠠᠰᠠᠭᠤᠳᠠᠯ ᠳᠤ ᠴᠢᠭᠯᠡᠭᠦᠯᠦᠨ᠂ ᠠᠵᠢᠯ ᠡᠬᠦᠷᠭᠡ ᠲᠠᠢ ᠪᠠᠨ ᠤᠶᠠᠯᠳᠤᠭᠤᠯᠵᠤ ᠪᠠᠶᠢᠭᠠᠳ ᠠᠰᠠᠭᠤᠳᠠᠯ ᠢ ᠴᠢᠩᠭ᠎ᠠ ᠪᠦᠭᠡᠳ ᠪᠤᠳᠠᠳᠠᠢ ᠪᠠᠷ ᠪᠠᠶᠢᠴᠠᠭᠠᠨ ᠲᠡᠯᠬᠡᠵᠦ᠂ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠳᠤᠷ ᠠᠳᠬᠤᠨ᠂ ᠴᠡᠭᠴᠡᠯᠡᠯᠳᠡ ᠪᠠᠷ ᠬᠤᠪᠢᠷᠠᠭᠤᠯᠤᠯᠲᠠ ᠶᠢ ᠠᠬᠢᠭᠤᠯᠵᠤ᠂ ᠴᠡᠭᠴᠡᠯᠡᠯᠳᠡ ᠪᠠᠷ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠬᠡᠷᠡᠭᠲᠡᠢ᠃ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠠᠵᠢᠯᠲᠠᠨ  ᠪᠠ ᠨᠠᠮ ᠤᠨ ᠡᠭᠦᠷ᠂ ᠨᠠᠮ ᠤᠨ ᠭᠡᠰᠢᠭᠦᠨ ᠨᠢᠬᠡᠪᠦᠷᠢ ᠦᠢᠯᠡᠴᠢᠯᠡᠭᠡᠨ ᠤ ᠤᠬᠠᠮᠰᠠᠷ᠂ ᠵᠣᠷᠢᠯᠲᠠ ᠶᠢᠨ ᠤᠬᠠᠮᠰᠠᠷ ᠢᠶᠠᠨ ᠤᠯᠠᠮ ᠪᠠᠳᠤᠳᠬᠠᠵᠤ᠂ ᠰᠤᠷᠤᠯᠴᠠᠯᠭ᠎ᠠ ᠶᠢᠨ ᠦᠷ᠎ᠡ ᠪᠦᠲᠦᠭᠡᠯ᠂ ᠴᠡᠭᠴᠡᠯᠡᠯᠳᠡ ᠶᠢᠨ ᠦᠷ᠎ᠡ ᠪᠦᠲᠦᠮᠵᠢ ᠶᠢ ᠰᠢᠯᠢᠳᠡᠭ ᠰᠤᠷᠲᠠᠯ ᠤᠨ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠵᠤ᠂ ᠪᠥᠬᠦ ᠪᠠᠯᠭᠠᠰᠤᠨ ᠤ ᠨᠠᠮ ᠤᠨ ᠪᠠᠶᠢᠭᠤᠯᠤᠯᠲᠠ᠂ ᠠᠵᠤ ᠠᠬᠤᠶ ᠨᠡᠶᠢᠭᠡᠮ ᠤᠨ ᠬᠥᠭᠵᠢᠯᠲᠡ ᠳᠤ ᠦᠢᠯᠡᠴᠢᠯᠡᠬᠦ ᠪᠠ ᠦᠨᠳᠦᠰᠦᠨ ᠱᠠᠲᠤᠨ ᠳᠤ ᠭᠦᠨᠵᠡᠭᠡᠶᠢᠷᠡᠬᠦ᠂ ᠣᠯᠠᠨ ᠲᠦᠮᠡᠨ ᠤ ᠬᠦᠰᠡᠯ ᠰᠠᠨᠠᠭ᠎ᠠ ᠶᠢ ᠣᠶᠢᠯᠠᠭᠠᠬᠤ ᠪᠠ ᠣᠯᠠᠨ ᠲᠦᠮᠡᠨ ᠤ ᠪᠤᠳᠠᠳᠠᠢ ᠠᠰᠠᠭᠤᠳᠠᠯ ᠢ ᠰᠢᠢᠳᠪᠦᠷᠢᠯᠡᠬᠦ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠬᠡᠷᠡᠭᠲᠡᠶ ᠬᠡᠵᠦ ᠴᠢᠬᠤᠯᠠᠴᠢᠯᠠᠭᠰᠠᠨ ᠪᠠᠶᠢᠨ᠎ᠠ᠃ ᠬᠤᠷᠠᠯ ᠲᠡᠭᠡᠷ᠎ᠡ ᠪᠠᠰᠠ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠵᠥᠷᠢᠴᠡᠭᠰᠡᠨ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠢ ᠲᠠᠯᠪᠢᠵᠤ ᠦᠵᠡᠬᠦᠯᠵᠡᠢ᠃
 
ᠢᠷᠡᠯᠲᠡ᠄ ᠶᠦᠩ ᠹᠧᠩ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号