ᠴᠠᠬᠢᠯᠭᠠᠨ ᠬᠠᠩᠭᠠᠯᠭ᠎ᠠ ᠶᠢ ᠵᠠᠪᠠᠯ ᠪᠠᠳᠤᠯᠠᠵᠤ ᠴᠠᠭᠠᠨ ᠨᠠᠭᠤᠷ ᠤᠨ ᠵᠢᠭᠤᠯᠴᠢᠯᠠᠯ ᠳᠤ ᠦᠢᠯᠡᠴᠢᠯᠡᠨ᠎ᠡ
ᠨᠡᠶᠢᠲᠡᠯᠡᠭᠰᠡᠨ ᠴᠠᠭ᠄
2025/6/13
  ᠤᠶᠢᠷ᠎ᠠ ᠳᠤ᠂ ᠬᠦᠨᠪᠤᠯᠠᠭ ᠰᠤᠮᠤᠨ ᠤ ︽ᠰᠦᠨ ᠨᠠᠭᠤᠷ︾ ᠨᠢ ᠶᠡᠬᠡᠬᠡᠨ ᠠᠯᠳᠠᠷᠰᠢᠵᠤ᠂ ᠨᠠᠢᠮᠠᠨ ᠵᠣᠪᠬᠢᠰ ᠤᠨ ᠵᠢᠭᠤᠯᠴᠢᠳ ᠤᠨ ᠰᠣᠨᠢᠷᠬᠠᠯ ᠢ ᠲᠠᠳᠠᠯ᠎ᠠ᠃ ᠦᠵᠡᠮᠵᠢ ᠶᠢᠨ ᠤᠷᠤᠨ ᠤ ᠢᠳᠡᠭᠡᠨ ᠤᠮᠳᠠᠭᠠᠨ᠂  ᠲᠡᠯᠬᠡᠬᠦᠷ ᠬᠤᠳᠠᠯᠳᠤᠭ᠎ᠠ᠂ ᠣᠷᠣᠨ ᠰᠠᠭᠤᠴᠠ ᠵᠡᠷᠭᠡ ᠵᠤᠴᠢᠯᠠᠭ᠎ᠠ ᠶᠢᠨ ᠲᠠᠯᠠᠪᠤᠷ ᠤᠨ ᠶᠡᠭᠡ ᠬᠡᠮᠵᠢᠶᠡᠨ ᠤ ᠴᠠᠬᠢᠯᠭᠠᠨ ᠬᠡᠷᠡᠭᠯᠡᠬᠦ ᠱᠠᠭᠠᠷᠳᠠᠯᠭ᠎ᠠ ᠶᠢ ᠬᠠᠩᠭᠠᠬᠤ ᠶᠢᠨ ᠲᠥᠯᠥᠭᠡ᠂ ᠲᠠᠶᠢᠹᠤᠰᠧ ᠬᠤᠰᠢᠭᠤᠨ ᠤ ᠴᠠᠬᠢᠯᠭᠠᠨ ᠬᠠᠩᠭᠠᠬᠤ ᠺᠣᠮᠫᠠᠨᠢ ᠶᠢᠨ ᠬᠢᠨ  ᠦᠳᠲᠡᠷ ᠲᠦᠷᠭᠡᠨ ᠬᠥᠳᠡᠯᠦᠯᠴᠡᠵᠦ ︽ᠰᠦᠨ ᠨᠠᠭᠤᠷ ︾ ᠤᠨ ᠡᠷᠬᠢᠨ ᠲᠣᠭᠤᠷᠢᠨ ᠳᠠᠬᠢ ᠭᠠᠵᠠᠷ ᠣᠷᠣᠨ ᠤ ᠴᠠᠬᠢᠯᠭᠠᠨ ᠬᠦᠴᠦᠨ ᠤ ᠲᠥᠬᠦᠭᠡᠷᠦᠮᠵᠢ ᠳᠤ ᠪᠥᠬᠦ ᠲᠠᠯ᠎ᠠ ᠶᠢᠨ ᠪᠠᠶᠢᠴᠠᠭᠠᠯᠲᠠ ᠪᠠ ᠰᠠᠶᠢᠵᠢᠷᠠᠭᠤᠯᠤᠯᠳᠠ ᠬᠢᠵᠦ᠂ ᠲᠠᠯ᠎ᠠ ᠨᠤᠲᠤᠭ ᠤᠨ ᠵᠢᠭᠤᠯᠴᠢᠯᠠᠯ ᠤᠨ   ᠤᠨ ᠬᠦᠭᠵᠢᠯᠳᠡ ᠳᠤ ᠬᠦᠴᠦᠨ ᠨᠡᠮᠡᠷᠢᠯᠡᠵᠦ ᠪᠤᠢ᠃ ᠦᠵᠡᠮᠵᠢ ᠶᠢᠨ ᠣᠷᠣᠨ ᠤ ᠴᠠᠬᠢᠯᠭᠠᠨ ᠬᠡᠷᠡᠭᠯᠡᠬᠦ ᠲᠤᠯᠭᠠᠮ᠎ᠠ ᠱᠠᠭᠠᠷᠳᠠᠯᠭ᠎ᠠ ᠳᠤ ᠴᠢᠭᠯᠡᠭᠦᠯᠦᠨ᠂ ᠴᠠᠬᠢᠯᠭᠠᠨ ᠬᠠᠩᠭᠠᠬᠤ ᠺᠣᠮᠫᠠᠨᠢ ᠠᠴᠠ ︽ᠰᠣᠶᠣᠯ ᠵᠢᠭᠤᠯᠴᠢᠯᠠᠯ ᠲᠤ ᠭᠡᠷᠡᠭᠯᠡᠬᠦ ᠴᠠᠬᠢᠯᠭᠠᠨ ᠤ  ᠰᠠᠭᠠᠳ ᠦᠭᠡᠢ ᠨᠡᠪᠲᠡᠷᠡᠬᠦ ᠵᠠᠮ︾ ᠢ ᠨᠡᠭᠡᠭᠡᠵᠦ᠂ ᠤᠭᠰᠠᠷᠠᠵᠤ ᠲᠣᠨᠣᠭᠯᠠᠬᠤ ᠶᠠᠪᠤᠴᠠ ᠶᠢ ᠰᠢᠯᠤᠭᠤᠳᠬᠠᠨ᠂ ᠦᠵᠡᠮᠵᠢ ᠶᠢᠨ ᠣᠷᠣᠨ ᠤ ᠴᠠᠬᠢᠯᠭᠠᠨ ᠬᠠᠩᠭᠠᠯᠭ᠎ᠠ ᠶᠢ ᠪᠦᠬᠦ ᠬᠦᠴᠦᠨ ᠢᠶᠠᠷ ᠪᠠᠳᠤᠯᠠᠵᠠᠢ᠃  ᠲᠠᠯ᠎ᠠ ᠨᠤᠳᠤᠭ ᠤᠨ ᠠᠮᠢ ᠠᠬᠤᠶ ᠶᠢ  ᠬᠠᠮᠠᠭᠠᠯᠠᠬᠤ ᠶᠢᠨ ᠲᠥᠯᠥᠭᠡ᠂ ᠴᠠᠬᠢᠯᠭᠠᠨ ᠬᠠᠩᠭᠠᠬᠤ ᠺᠣᠮᠫᠠᠨᠢ ᠶᠢᠨ ᠬᠢᠨ ︽ᠡᠪᠳᠡᠯᠭᠡ ᠶᠢ ᠪᠠᠭᠠᠰᠬᠠᠬᠤ︾ ᠠᠷᠭ᠎ᠠ ᠬᠡᠮᠵᠢᠶ᠎ᠡ ᠠᠪᠴᠤ᠂  ᠴᠠᠬᠢᠯᠭᠠᠨ ᠤᠷᠤᠭᠤᠯᠬᠤ ᠳᠠᠭᠠᠨ ᠨᠤᠳᠤᠭ ᠪᠡᠯᠴᠢᠭᠡᠷ ᠢ ᠡᠪᠳᠡᠬᠦ ᠠᠴᠠ ᠠᠯᠢ ᠴᠢᠳᠠᠬᠤ ᠪᠠᠷ  ᠵᠠᠶᠢᠯᠠᠰᠬᠢᠨ᠂ ᠴᠠᠬᠢᠯᠭᠠᠨ ᠤᠳᠠᠰᠤ ᠲᠠᠳᠠᠬᠤ ᠪᠥᠬᠦ ᠶᠠᠪᠤᠴᠠ ᠳᠤ ︽ᠲᠦᠷᠭᠡᠨ ᠲᠠᠭᠤᠰᠬᠠᠵᠤ ᠴᠡᠪᠡᠷ ᠬᠢᠬᠦ︾ ᠶᠢ ᠪᠡᠶᠡᠯᠡᠬᠦᠯᠪᠡ᠃ 6 ᠰᠠᠷ᠎ᠠ ᠶᠢᠨ 6 ᠤ ᠡᠳᠦᠷ᠂ 100 ᠺᠢᠯᠣᠸᠠᠲ ᠤᠨ ᠬᠦᠴᠦᠳᠡᠯ ᠥᠭᠡᠷᠡᠴᠢᠯᠡᠭᠴᠢ ᠶᠢ ︽ᠰᠦᠨ ᠨᠠᠭᠤᠷ︾ ᠤᠨ ᠬᠦᠪᠡᠭᠡᠨ ᠳᠤ ᠠᠮᠵᠢᠯᠳᠠᠳᠠᠢ ᠤᠭᠰᠠᠷᠠᠵᠤ᠂  ᠴᠠᠬᠢᠯᠭᠠᠨ ᠤᠲᠠᠰᠤ ᠶᠢ ᠢᠵᠢ ᠪᠦᠷᠢᠳᠦᠭᠦᠯᠦᠨ ᠲᠠᠳᠠᠭᠠᠳ᠂ ᠡᠯ᠎ᠡ ᠡᠵᠡᠩᠨᠡᠯᠲᠡ ᠶᠢᠨ ᠲᠠᠯᠠᠪᠤᠷ ᠲᠤ ᠤᠷᠤᠭᠤᠯᠤᠨ ᠦᠭᠴᠦ᠂ ᠦᠵᠡᠮᠵᠢ ᠶᠢᠨ ᠣᠷᠣᠨ ᠤ ᠲᠡᠯᠬᠡᠬᠦᠷ ᠬᠤᠳᠠᠯᠳᠤᠭ᠎ᠠ᠂ ᠬᠤᠭᠤᠯᠠᠨ ᠭᠡᠷ᠂  ᠬᠤᠨᠤᠭ ᠪᠠᠶᠢᠷᠢ ᠶᠢᠨ ᠴᠠᠬᠢᠯᠭᠠᠨ ‍ᠤ‌‍ᠤ᠋ ᠬᠡᠷᠡᠭᠴᠡᠭᠡ ᠶᠢ ᠬᠠᠩᠭᠠᠭᠰᠠᠨ ᠪᠠᠶᠢᠨ᠎ᠠ᠃     ᠰᠢᠩ ᠹᠦ᠋ ᠰᠢᠶᠠᠩ ᠤᠨ ᠴᠠᠬᠢᠯᠭᠠᠨ ᠬᠠᠩᠭᠠᠬᠤ ᠦᠷᠳᠡᠭᠡᠨ ᠤ ᠳᠠᠷᠤᠭ᠎ᠠ ᠵᠣᠣ ᠰᠢᠶᠤᠤ ᠳ᠋ᠦᠩ᠄ ︽ ᠮᠠᠨ ᠤ ᠦᠷᠳᠡᠭᠡ ᠨᠢ 8 ᠠᠵᠢᠯᠲᠠᠨ ᠲᠤᠮᠢᠯᠠᠵᠤ᠂ ᠵᠢᠭᠤᠯᠴᠢᠯᠠᠯ ᠤᠨ ᠴᠡᠭ ᠤᠨ ᠮᠣᠩᠭᠤᠯ ᠭᠡᠷ ᠤᠳ ᠲᠤ ᠴᠠᠬᠢᠯᠭᠠᠨ ᠨᠡᠪᠳᠡᠷᠡᠬᠦᠯᠵᠡᠢ᠂  ᠤᠳᠤ ᠨᠡᠶᠢᠲᠡ 48 ᠮᠣᠩᠭᠤᠯ ᠭᠡᠷ ᠲᠤ ᠴᠠᠬᠢᠯᠭᠠᠨ ᠤᠷᠤᠭᠤᠯᠤᠭᠠᠳ᠂ 2 ᠠᠵᠢᠯᠲᠠᠨ ᠢ ᠦᠯᠡᠳᠡᠭᠡᠵᠦ ᠵᠢᠭᠤᠯᠴᠢᠯᠠᠯ ᠤᠨ ᠴᠡᠭ ᠲᠤ ᠴᠠᠬᠢᠯᠭᠠᠨ ᠬᠦᠴᠦᠨ ᠤ ᠦᠢᠯᠡᠴᠢᠯᠡᠭᠡ ᠬᠠᠩᠭᠠᠵᠤ ᠪᠤᠢ᠃   ᠪᠢᠳᠡ ᠦᠵᠡᠮᠵᠢ ᠶᠢᠨ ᠣᠷᠣᠨ ᠵᠢᠴᠢ ᠡᠷᠬᠢᠨ ᠲᠣᠭᠤᠷᠢᠨ ᠤ ᠴᠠᠬᠢᠯᠭᠠᠨ ᠬᠡᠷᠡᠭᠯᠡᠬᠦ ᠪᠠᠶᠢᠳᠠᠯ ᠢ ᠦᠷᠭᠦᠯᠵᠢᠯᠡᠨ ᠠᠩᠬᠠᠷᠴᠤ᠂ ᠵᠢᠵᠢᠭᠦᠷᠯᠡᠨ ᠰᠠᠬᠢᠬᠤ ᠠᠵᠢᠯ ᠢ ᠴᠢᠩᠭᠠᠳᠬᠠᠨ᠂  ᠴᠠᠬᠢᠯᠭᠠᠨ ᠬᠦᠴᠦᠨ ᠤ ᠲᠤᠨᠤᠭ ᠲᠥᠬᠦᠭᠡᠷᠦᠮᠵᠢ ᠶᠢ ᠪᠠᠶᠢᠩᠭᠤ ᠲᠣᠭᠤᠷᠢᠨ ᠪᠠᠶᠢᠴᠠᠭᠠᠵᠤ᠂ ᠡᠯ᠎ᠡ ᠵᠦᠢᠯ ᠤᠨ ᠪᠠᠳᠤᠯᠠᠭᠠᠨ ᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠪᠠᠴᠢᠮ ᠪᠠᠶᠢᠳᠠᠯ ᠢ ᠠᠷᠭᠠᠴᠠᠬᠤ ᠠᠷᠭ᠎ᠠ ᠲᠦᠰᠦᠪ ᠢ ᠭᠡᠷᠡᠭᠵᠢᠬᠦᠯᠵᠦ᠂ ᠦᠵᠡᠮᠵᠢ ᠶᠢᠨ ᠣᠷᠣᠨ ᠤ ᠴᠠᠬᠢᠯᠭᠠᠨ ᠬᠠᠩᠭᠠᠯᠭ᠎ᠠ  ᠶᠢᠨ ᠠᠮᠤᠷ ᠲᠦᠪᠰᠢᠨ ᠢ  ᠴᠢᠩᠭᠠᠳᠬᠠᠨ᠂ ᠲᠠᠶᠢᠹᠤᠰᠧ ᠬᠤᠰᠢᠭᠤᠨ ᠤ ᠵᠢᠭᠤᠯᠴᠢᠯᠠᠯ ᠤᠨ ᠦᠢᠯᠡᠰ ᠤᠨ ᠬᠥᠭᠵᠢᠯᠲᠡ ᠳᠤ ᠪᠠᠲᠤ ᠪᠠᠬᠢ ᠴᠠᠬᠢᠯᠭᠠᠨ ᠬᠦᠴᠦᠨ ᠤ ᠪᠠᠲᠤᠯᠠᠭ᠎ᠠ ᠬᠠᠩᠭᠠᠨ᠎ᠠ︾᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号