ᠬᠤᠩ ᠴᠢ ᠪᠠᠯᠭᠠᠰᠤ᠄  ᠬᠡᠮ ᠰᠤᠭᠤᠭ ᠤᠨ ᠪᠠᠶᠢᠴᠠᠭᠠᠯᠳᠠ ᠶᠢ ᠴᠢᠩᠭᠠᠳᠬᠠᠵᠤ ᠠᠮᠤᠷ ᠲᠦᠪᠰᠢᠨ ᠤ ᠰᠡᠷᠭᠡᠶᠢᠯᠡᠯᠲᠡ ᠶᠢ ᠪᠠᠬᠢᠵᠢᠬᠦᠯᠦᠨ᠎ᠡ
ᠨᠡᠶᠢᠲᠡᠯᠡᠭᠰᠡᠨ ᠴᠠᠭ᠄
2025/6/13
    ᠣᠯᠠᠨ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠵᠤ᠂ ᠠᠮᠤᠷ ᠲᠦᠪᠰᠢᠨ ᠤ ᠳᠠᠯᠳᠠ ᠬᠡᠮ ᠢ ᠪᠥᠬᠦ ᠲᠠᠯ᠎ᠠ ᠪᠠᠷ ᠪᠠᠶᠢᠴᠠᠭᠠᠨ ᠠᠷᠢᠯᠭᠠᠬᠤ ᠶᠢᠨ ᠲᠥᠯᠥᠭᠡ᠂ 6 ᠰᠠᠷ᠎ᠠ ᠶᠢᠨ 12 ᠤᠨ ᠡᠳᠦᠷ ᠬᠤᠩ ᠴᠢ ᠪᠠᠯᠭᠠᠰᠤᠨ ᠤ ᠵᠠᠰᠠᠭ ᠤᠨ ᠣᠷᠳᠣᠨ ᠨᠢ ᠪᠠᠯᠭᠠᠰᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠩᠭᠢ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠪᠤᠷᠢ ᠲᠠᠢ ᠬᠠᠮᠲᠤᠷᠠᠨ᠂ ᠠᠶᠤᠯᠭᠦᠶ ᠦᠢᠯᠡᠳᠪᠦᠷᠢᠯᠡᠯ ᠤᠨ ᠲᠤᠰᠬᠠᠶ ᠪᠠᠶᠢᠴᠠᠭᠠᠯᠲᠠ ᠶᠢᠨ ᠠᠵᠢᠯᠯᠠᠭ᠎ᠠ ᠶᠢ ᠪᠥᠬᠦ ᠲᠠᠯ᠎ᠠ ᠪᠠᠷ  ᠦᠷᠨᠢᠬᠦᠯᠪᠡ᠃ ᠡᠨᠡ ᠤᠳᠠᠭ᠎ᠠ ᠭᠤᠤᠯᠳᠠᠭᠤ ᠬᠠᠷᠢᠶ᠎ᠠ ᠣᠷᠣᠨ ᠤ ᠪᠠᠨ ᠳᠡᠯᠭᠡᠭᠦᠷ ᠬᠤᠳᠠᠯᠳᠤᠭ᠎ᠠ᠂ ᠬᠤᠭᠤᠯᠠᠨ ᠬᠡᠷ ᠵᠡᠷᠭᠡ ︽ᠶᠢᠰᠦᠨ ᠵᠢᠵᠢᠭ ᠲᠠᠯᠠᠪᠤᠷ︾ ᠲᠤ ᠬᠦᠨᠵᠡᠬᠡᠶᠢᠷᠡᠨ᠂ ᠭᠠᠯ ᠰᠡᠷᠭᠡᠶᠢᠯᠡᠬᠦ᠂ ᠢᠳᠡᠭᠡᠨ ᠤ ᠠᠮᠤᠷ ᠲᠦᠪᠰᠢᠨ ᠤ ᠲᠣᠭᠤᠷᠢᠨ ᠳᠤ ᠭᠤᠤᠯᠳᠠᠯᠭ᠎ᠠ ᠲᠠᠢ ᠪᠠᠶᠢᠴᠠᠭᠠᠯᠲᠠ ᠬᠢᠵᠡᠢ᠃ ᠠᠵᠢᠯᠲᠠᠳ ᠭᠠᠯ ᠤᠨᠲᠠᠷᠠᠭᠠᠬᠤ ᠪᠠᠭᠠᠵᠢ ᠲᠥᠬᠦᠭᠡᠷᠦᠮᠵᠢ ᠨᠢ ᠪᠦᠷᠢᠨ ᠪᠦᠳᠦᠨ ᠡᠰᠡᠬᠦ᠂ ᠢᠳᠡᠭᠡᠨ ᠤᠮᠳᠠᠭᠠᠨ ᠢ ᠬᠠᠳᠠᠭᠠᠯᠠᠵᠤ ᠡᠳ᠋ᠰᠢᠭᠦᠯᠬᠦ ᠨᠢᠲᠦᠷᠢᠮᠵᠢᠬᠦᠨ ᠡᠰᠡᠬᠦ ᠵᠡᠷᠭᠡ ᠶᠢ ᠨᠠᠷᠢᠨ ᠨᠢᠮᠪᠠᠢ ᠪᠠᠶᠢᠴᠠᠭᠠᠨ ᠦᠵᠡᠵᠦ᠂ ᠪᠠᠶᠢᠴᠠᠭᠠᠯᠲᠠ ᠶᠢᠨ ᠳᠤᠮᠳᠠ ᠢᠯᠡᠷᠡᠭᠦᠯᠦᠭᠰᠡᠨ ᠠᠰᠠᠭᠤᠳᠠᠯ ᠳᠤ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠳᠤᠷᠠᠳᠴᠤ᠂ ᠴᠡᠭᠴᠡᠯᠡᠨ ᠰᠠᠶᠢᠵᠢᠷᠠᠭᠤᠯᠬᠤ ᠴᠠᠭ ᠬᠤᠭᠤᠴᠠᠭ᠎ᠠ ᠶᠢ ᠲᠤᠳᠤᠷᠬᠠᠶᠢᠯᠠᠭᠰᠠᠨ ᠤ ᠬᠠᠮᠲᠤ ᠡᠵᠡᠩᠨᠡᠭᠴᠢᠳ ᠲᠤ ᠠᠮᠤᠷ ᠲᠦᠪᠰᠢᠨ ᠤ ᠮᠡᠳᠡᠯᠭᠡ ᠶᠢ ᠲᠦᠭᠡᠮᠡᠯᠵᠢᠭᠦᠯᠵᠦ᠂ ᠠᠮᠤᠷ ᠲᠦᠪᠰᠢᠨ ᠤ ᠬᠠᠷᠢᠭᠤᠴᠠᠯᠭ᠎ᠠ ᠶᠢᠨ ᠤᠬᠠᠮᠰᠠᠷ ᠢ ᠨᠢ ᠴᠢᠩᠭᠠᠳᠬᠠᠪᠠ᠃ ᠳᠠᠷᠠᠭᠠᠴᠢ  ᠪᠠᠷ᠂ ᠬᠤᠩ ᠴᠢ ᠪᠠᠯᠭᠠᠰᠤ ᠨᠢ ᠠᠮᠤᠷ ᠲᠦᠪᠰᠢᠨ ᠤ ᠪᠠᠶᠢᠴᠠᠭᠠᠯᠲᠠ ᠶᠢᠨ ᠡᠷᠴᠢᠮ ᠢ ᠦᠷᠭᠦᠯᠵᠢᠯᠡᠨ ᠴᠢᠩᠭᠠᠷᠠᠭᠤᠯᠵᠤ᠂  ︽ᠡᠷᠬᠢᠨ ᠬᠠᠷᠠᠬᠤ︾ ᠠᠵᠢᠯᠯᠠᠭ᠎ᠠ ᠶᠢ ᠲᠣᠭᠲᠠᠮᠠᠯ ᠬᠤᠭᠤᠴᠠᠭ᠎ᠠ ᠲᠠᠢ ᠦᠷᠨᠢᠬᠦᠯᠦᠨ᠂ ᠬᠡᠮ ᠰᠣᠭᠤᠭ ᠢ ᠴᠡᠭᠴᠡᠯᠡᠨ ᠰᠠᠶᠢᠵᠢᠷᠠᠭᠤᠯᠬᠤ ᠶᠢ ᠪᠠᠲᠤᠯᠠᠬᠤ ᠶᠢᠨ ᠬᠠᠮᠲᠤ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠢ ᠲᠠᠰᠤᠷᠠᠯᠲᠠ ᠦᠭᠡᠢ ᠴᠢᠩᠭᠠᠳᠬᠠᠵᠤ᠂ ᠬᠥᠮᠦᠨ ᠪᠦᠬᠦᠨ ᠠᠮᠤᠷ ᠲᠦᠪᠰᠢᠨ ᠢ ᠴᠢᠬᠤᠯᠠᠴᠢᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠵᠤ᠂ ᠠᠮᠤᠷ ᠲᠦᠪᠰᠢᠨ ᠤ ᠬᠠᠮᠠᠭᠠᠯᠠᠯᠲᠠ ᠶᠢᠨ ᠲᠣᠤᠷ ᠢ ᠨᠢᠭᠲᠠ ᠪᠠᠲᠤ ᠰᠦᠯᠵᠢᠬᠦ ᠪᠠᠷ ᠪᠠᠶᠢᠨ᠎ᠠ᠃
 
ᠢᠷᠡᠯᠲᠡ᠄ ᠬᠤᠩ ᠴᠢ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号