6 ᠰᠠᠷ᠎ᠠ ᠶᠢᠨ 12 ᠤᠨ ᠡᠳᠦᠷ ᠠᠴᠠ 13 ᠤ ᠡᠳᠦᠷ ᠪᠣᠯᠲᠠᠯ᠎ᠠ᠂ ᠪᠤᠤᠴᠠᠩ ᠪᠠᠯᠭᠠᠰᠤᠨ ᠤ ᠨᠠᠮ ᠤᠨ | ᠬᠤᠷᠢᠶᠠᠨ ᠤ ᠱᠦᠵᠢ ᠵᠠᠩ ᠱᠸᠤ ᠴᠢᠶᠠᠩ ᠵᠡᠷᠭᠡ ᠬᠦᠮᠦᠰ ᠪᠡᠭᠡᠵᠢᠩ ᠬᠤᠲᠠ ᠶᠢᠨ ᠴᠠᠩᠫᠢᠩ ᠲᠣᠭᠤᠷᠢᠭ ᠤᠨ ᠪᠠᠶ | ᠱᠠᠨ ᠪᠠᠯᠭᠠᠰᠤᠨ ᠳᠤ ᠬᠦᠷᠴᠦ ᠬᠠᠮᠳᠤᠷᠠᠯᠴᠠᠭᠠᠨ ᠤ ᠠᠵᠢᠯ ᠢᠶᠠᠨ ᠵᠤᠯᠭᠠᠭᠤᠯᠪᠠ᠃ ᠡᠨᠡ ᠤᠳᠠᠭᠠᠨ ᠤ ᠠᠶᠠᠯᠠᠯ ᠨᠢ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠨᠡᠶᠢᠭᠡᠮ ᠲᠣᠭᠤᠷᠢᠭ ᠤᠨ ᠵᠠᠰᠠᠯᠲᠠ᠂ ᠠᠵᠤ ᠦᠢᠯᠡᠰ ᠤᠨ | ᠬᠥᠭᠵᠢᠯᠲᠡ᠂ ᠰᠣᠶᠣᠯ ᠤᠨ ᠪᠠᠶᠢᠭᠤᠯᠤᠯᠲᠠ ᠵᠡᠷᠭᠡ ᠭᠤᠤᠯᠳᠠᠯᠭ᠎ᠠ ᠲᠠᠢ ᠬᠦᠷᠢᠶ᠎ᠡ ᠴᠠᠷᠠᠭᠠᠨ ᠤ ᠲᠣᠭᠤᠷᠢᠨ ᠳᠤ᠂ | ᠲᠡᠷᠢᠭᠦᠨ ᠤ ᠠᠷᠭ᠎ᠠ ᠲᠤᠷᠰᠢᠯᠭ᠎ᠠ ᠶᠢ ᠰᠤᠷᠤᠯᠴᠠᠵᠤ᠂ ᠬᠠᠮᠲᠤᠷᠠᠯᠴᠠᠭᠠᠨ ᠤ ᠣᠷᠣᠨ ᠵᠠᠶ ᠶᠢ ᠦᠷᠭᠡᠳᠭᠡᠨ᠂ ᠬᠤᠶᠠᠷ | ᠭᠠᠵᠠᠷ ᠤᠨ ᠬᠠᠮᠳᠤᠪᠠᠷ ᠬᠥᠭᠵᠢᠬᠦ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠬᠦ ᠪᠠᠷ ᠵᠤᠷᠢᠯᠭ᠎ᠠ ᠪᠤᠯᠭᠠᠵᠠᠢ᠃ 6 | ᠰᠠᠷ᠎ᠠ ᠶᠢᠨ 12 ᠤᠨ ᠡᠳᠦᠷ᠂ ᠠᠵᠢᠯᠯᠠᠬᠤ ᠳᠤᠭᠤᠶᠢᠯᠠᠩ ᠨᠢ ᠴᠠᠩᠫᠢᠩ ᠲᠣᠭᠤᠷᠢᠭ ᠤᠨ ᠯᠦᠩ ᠽᠧ ᠶᠤᠸᠠᠨ | ᠨᠡᠶᠢᠭᠡᠮ ᠲᠣᠭᠤᠷᠢᠭ ᠲᠤ ᠬᠦᠷᠴᠦ ᠣᠶᠤᠨᠴᠢ ᠨᠡᠶᠢᠭᠡᠮ ᠲᠣᠭᠤᠷᠢᠭ ᠤᠨ ᠪᠠᠶᠢᠭᠤᠯᠤᠯᠲᠠ ᠶᠢᠨ ᠦᠷ᠎ᠡ ᠪᠦᠲᠦᠭᠡᠯ ᠢ | ᠲᠤᠭᠤᠷᠢᠨ ᠦᠵᠡᠵᠦ᠂ ᠨᠡᠶᠢᠭᠡᠮ ᠲᠣᠭᠤᠷᠢᠭ ᠤᠨ ᠠᠵᠢᠯᠲᠠᠨ ᠤ ᠲᠠᠶᠢᠯᠪᠤᠷᠢ ᠲᠠᠨᠢᠯᠴᠠᠭᠤᠯᠭ᠎ᠠ ᠶᠢ ᠰᠤᠨᠤᠰᠤᠨ᠂ | ᠤᠶᠤᠨᠴᠢ ᠲᠠᠪᠴᠠᠩ ᠤᠨ ᠠᠵᠢᠯᠯᠠᠭᠠᠨ ᠤ ᠲᠣᠭᠲᠠᠴᠠ ᠪᠠ ᠪᠣᠳᠠᠲᠠᠶ ᠬᠡᠷᠡᠭᠯᠡᠯᠲᠡ ᠶᠢᠨ ᠦᠷ᠎ᠡ ᠪᠦᠲᠦᠮᠵᠢ ᠶᠢ ᠨᠠᠷᠢᠨ | ᠤᠶᠢᠯᠠᠭᠠᠭᠰᠠᠨ ᠪᠠᠶᠢᠨ᠎ᠠ᠃ 6 ᠰᠠᠷ᠎ᠠ ᠶᠢᠨ 13 ᠤ ᠡᠳᠦᠷ᠂ ᠠᠵᠢᠯᠯᠠᠬᠤ ᠳᠤᠭᠤᠶᠢᠯᠠᠩ ᠨᠢ ᠰᠢᠨ ᠵᠤᠸᠠᠩ | ᠲᠣᠰᠬᠤᠨ ᠳᠤ ᠬᠦᠷᠴᠦ᠂ ᠠᠶᠢᠯ ᠲᠣᠰᠬᠤᠨ ᠤ ᠠᠵᠤ ᠦᠢᠯᠡᠰ ᠤᠨ ᠬᠥᠭᠵᠢᠯᠲᠡ᠂ ᠣᠷᠣᠰᠢᠨ ᠰᠠᠭᠤᠬᠤ ᠣᠷᠴᠢᠨ | ᠲᠣᠭᠤᠷᠢᠨ ᠤ ᠵᠠᠰᠠᠯᠳᠠ᠂ ᠦᠨᠳᠦᠰᠦᠨ ᠱᠠᠲᠤᠨ ᠤ ᠵᠠᠰᠠᠯᠲᠠ ᠵᠢᠴᠢ ︽ ᠪᠦᠯᠬᠦᠮᠳᠡᠯᠳᠦ ᠴᠢᠯᠦᠬᠡᠳᠦ ᠳᠡᠯᠭᠡᠭᠦᠷ︾ | ᠤᠨ ᠡᠵᠡᠩᠨᠡᠯᠳᠡ ᠵᠡᠷᠭᠡ ᠲᠠᠯ᠎ᠠ ᠶᠢᠨ ᠠᠷᠭ᠎ᠠ ᠲᠤᠷᠰᠢᠯᠭ᠎ᠠ ᠶᠢ ᠲᠤᠭᠤᠷᠢᠨ ᠰᠤᠷᠤᠯᠴᠠᠭᠰᠠᠨ ᠪᠦᠭᠡᠳ ᠲᠣᠰᠬᠤᠨ ᠤ | ᠺᠠᠳ᠋ᠷ ᠲᠠᠢ ᠠᠷᠭ᠎ᠠ ᠲᠤᠷᠰᠢᠯᠭ᠎ᠠ ᠪᠠᠨ ᠰᠣᠯᠢᠯᠴᠠᠨ ᠶᠠᠷᠢᠯᠴᠠᠪᠠ᠃ ᠡᠨᠡ ᠤᠳᠠᠭᠠᠨ ᠤ ᠰᠣᠯᠢᠯᠴᠠᠭ᠎ᠠ ᠪᠠᠷ ᠲᠠᠮᠵᠢᠭᠠᠳ | ᠤᠯᠠᠨ ᠢᠶᠠᠷ ᠢᠶᠠᠨ ᠤᠶᠤᠨᠴᠢ ᠨᠡᠶᠢᠭᠡᠮ ᠲᠣᠭᠤᠷᠢᠭ ᠤᠨ ᠪᠠᠶᠢᠭᠤᠯᠤᠯᠲᠠ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠵᠡᠷᠭᠡ ᠠᠵᠢᠯ ᠤᠨ ᠲᠠᠯ᠎ᠠ ᠪᠠᠷ ᠪᠠᠢ ᠱᠠᠨ ᠪᠠᠯᠭᠠᠰᠤᠨ ᠤ ᠰᠢᠯᠢᠳᠡᠭ ᠰᠠᠶᠢᠨ ᠠᠷᠭ᠎ᠠ ᠲᠤᠷᠰᠢᠯᠭ᠎ᠠ ᠶᠢ | ᠰᠤᠷᠤᠯᠴᠠᠨ ᠦᠪᠯᠡᠭᠡᠳ᠂ ᠪᠤᠤᠴᠠᠩ ᠪᠠᠯᠭᠠᠰᠤᠨ ᠤ ᠪᠠᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠮᠠᠰᠢ | ᠰᠠᠶᠢᠨ ᠲᠤᠷᠰᠢᠯᠭ᠎ᠠ ᠶᠢ ᠬᠤᠷᠠᠮᠳᠤᠭᠤᠯᠵᠠᠢ᠃ |