ᠬᠤᠩ ᠴᠢ ᠪᠠᠯᠭᠠᠰᠤ ︽ᠠᠶᠤᠯᠭᠦᠢ ᠦᠢᠯᠡᠳᠪᠦᠷᠢᠯᠡᠯ ᠤᠨ ᠰᠠᠷ᠎ᠠ︾ ᠶᠢᠨ ᠤᠬᠠᠭᠤᠯᠭ᠎ᠠ ᠬᠢᠭᠰᠡᠨ
ᠨᠡᠶᠢᠲᠡᠯᠡᠭᠰᠡᠨ ᠴᠠᠭ᠄
2025/6/13
   6 ᠳ᠋ᠤᠭᠠᠷ ᠰᠠᠷ᠎ᠠ ᠪᠣᠯ ᠪᠦᠬᠦ ᠤᠯᠤᠰ ᠤᠨ ︽ᠠᠶᠤᠯᠭᠦᠢ ᠦᠢᠯᠡᠳᠪᠦᠷᠢᠯᠡᠯ ᠤᠨ ᠰᠠᠷ᠎ᠠ︾ ᠪᠣᠯᠤᠨ᠎ᠠ᠂ ︽ᠠᠶᠤᠯᠭᠦᠢ ᠦᠢᠯᠡᠳᠪᠦᠷᠢᠯᠡᠯ ᠤᠨ ᠰᠠᠷ᠎ᠠ︾ ᠶᠢᠨ ᠠᠵᠢᠯ ᠤᠨ ᠱᠠᠭᠠᠷᠳᠠᠯᠭ᠎ᠠ ᠶᠢ ᠬᠦᠨᠵᠡᠬᠡᠢ ᠲᠤᠤᠱᠯᠠᠭᠤᠯᠵᠤ᠂ ᠪᠦᠬᠦ ᠪᠠᠯᠭᠠᠰᠤᠨ ᠤ ᠠᠷᠠᠳ ᠢᠷᠭᠡᠳ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠢ ᠴᠢᠩᠭᠠᠳᠬᠠᠨ᠂ ᠭᠡᠨᠡᠳᠲᠡ ᠶᠢᠨ ᠬᠡᠷᠡᠭ ᠢ ᠠᠷᠭᠠᠴᠠᠬᠤ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ 6 ᠰᠠᠷ᠎ᠠ ᠶᠢᠨ 13 ᠤ ᠡᠳᠦᠷ ᠬᠤᠩ ᠴᠢ ᠪᠠᠯᠭᠠᠰᠤ   ᠨᠢ ︽ᠠᠶᠤᠯᠭᠦᠢ ᠦᠢᠯᠡᠳᠪᠦᠷᠢᠯᠡᠯ ᠤᠨ ᠰᠠᠷ᠎ᠠ︾ ᠶᠢᠨ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠡᠢ᠃  ᠠᠵᠢᠯᠯᠠᠭᠠᠨ ᠤ ᠳᠤᠮᠳᠠ᠂  ᠪᠠᠯᠭᠠᠰᠤᠨ ᠤ ᠺᠠᠳ᠋ᠷ ᠠᠵᠢᠯᠳᠠᠳ ᠡᠯ᠎ᠡ ᠲᠣᠰᠬᠤᠨ ᠳᠤ ᠬᠦᠨᠵᠡᠬᠡᠶᠢᠷᠡᠵᠦ᠂ ᠠᠷᠠᠳ ᠢᠷᠭᠡᠳ ᠲᠤ ᠠᠮᠤᠷ ᠲᠦᠪᠰᠢᠨ ᠤ ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠨ᠂ ᠬᠡᠷ ᠪᠦᠯᠢ ᠶᠢᠨ ᠪᠠᠴᠢᠮ ᠪᠠᠶᠢᠳᠠᠯ ᠢ ᠠᠷᠭᠠᠴᠠᠬᠤ ᠮᠡᠳᠡᠯᠭᠡ ᠶᠢ ᠤᠬᠠᠭᠤᠯᠤᠨ ᠲᠠᠶᠢᠯᠪᠤᠷᠢᠯᠠᠵᠠᠢ᠃ ᠡᠨᠡ ᠤᠳᠠᠭᠠᠨ ᠤ ᠤᠬᠠᠭᠤᠯᠭ᠎ᠠ ᠪᠠᠷ ᠲᠠᠮᠵᠢᠭᠠᠳ  ᠠᠷᠠᠳ ᠢᠷᠭᠡᠳ ᠤᠨ ᠠᠮᠤᠷ ᠲᠦᠪᠰᠢᠨ ᠤ ᠤᠬᠠᠮᠰᠠᠷ ᠢ ᠵᠤᠬᠢᠬᠤ ᠬᠡᠮᠵᠢᠶ᠎ᠡ ᠪᠠᠷ ᠲᠡᠭᠡᠭᠰᠢᠯᠡᠬᠦᠯᠵᠦ᠂ ᠠᠮᠤᠷ ᠲᠦᠪᠰᠢᠨ᠂ ᠡᠶ᠎ᠡ ᠵᠣᠬᠢᠴᠠᠩᠭᠤᠶ ᠬᠥᠳᠡᠭᠡ ᠲᠣᠰᠬᠤᠨ ᠤ ᠣᠷᠴᠢᠨ ᠲᠣᠭᠤᠷᠢᠨ ᠢ ᠪᠣᠶ ᠪᠣᠯᠭᠠᠬᠤ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠬᠤᠩ ᠴᠢ ᠪᠠᠯᠭᠠᠰᠤ ᠨᠢ ᠠᠶᠤᠯᠭᠦᠶ ᠦᠢᠯᠡᠳᠪᠦᠷᠢᠯᠡᠯ ᠤᠨ ᠤᠬᠠᠭᠤᠯᠭ᠎ᠠ ᠶᠢᠨ ᠠᠵᠢᠯᠯᠠᠭ᠎ᠠ ᠶᠢ ᠤᠯᠠᠮ ᠢᠳᠡᠪᠬᠢᠳᠡᠢ ᠥᠷᠨᠢᠭᠦᠯᠵᠦ᠂ ᠠᠮᠤᠷ ᠲᠦᠪᠰᠢᠨ ᠤ  ᠬᠡᠮ ᠰᠤᠭᠤᠭ ᠤᠨ ᠪᠠᠶᠢᠴᠠᠭᠠᠯᠳᠠ ᠶᠢᠨ ᠡᠷᠴᠢᠮ ᠢ ᠲᠠᠰᠤᠷᠠᠯᠳᠠ ᠦᠬᠡᠢ ᠴᠢᠩᠭᠠᠷᠠᠭᠤᠯᠤᠨ᠂ ᠠᠶᠤᠯᠭᠦᠶ ᠦᠢᠯᠡᠳᠪᠦᠷᠢᠯᠡᠯ ᠤᠨ ᠠᠵᠢᠯ ᠢ ᠨᠠᠷᠢᠨ ᠨᠢᠮᠪᠠᠢ ᠪᠤᠳᠠᠳᠠᠶᠢᠵᠢᠭᠤᠯᠤᠨ ᠨᠠᠶᠢᠳᠠᠪᠤᠷᠢᠵᠢᠭᠤᠯᠬᠤ ᠪᠠᠷ ᠪᠠᠶᠢᠨ᠎ᠠ᠃
 
ᠢᠷᠡᠯᠲᠡ᠄ ᠬᠤᠩ ᠴᠢ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号