ᠲᠠᠶᠢᠹᠤᠰᠧ ᠬᠤᠰᠢᠭᠤ ᠵᠠᠯᠠᠭᠤ ᠢᠳᠡᠷ ᠮᠠᠯᠴᠢᠨ ᠲᠠᠷᠢᠶᠠᠴᠢᠨ ᠤ ᠨᠡᠶᠢᠲᠡᠯᠢᠭ ᠬᠡᠯᠡᠨ ᠤ ᠪᠣᠯᠪᠠᠰᠤᠷᠠᠯ ᠡᠷᠬᠢᠯᠡᠪᠡ
ᠨᠡᠶᠢᠲᠡᠯᠡᠭᠰᠡᠨ ᠴᠠᠭ᠄
2025/6/16
   ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠬᠠᠤᠯᠢ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠬᠠᠤᠯᠢ﹀᠎ ᠶᠢ ᠬᠡᠷᠡᠭᠵᠢᠭᠦᠯᠬᠦ ᠠᠷᠭ᠎ᠠ︾ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ︽ᠪᠥᠬᠦ ᠣᠷᠣᠨ ᠤ ᠡᠯ᠎ᠡ ᠱᠠᠲᠤᠨ ᠤ ᠪᠠᠶᠢᠭᠤᠯᠭ᠎ᠠ ᠨᠢᠬᠡᠴᠡ ᠶᠢᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢ ᠳᠡᠯᠭᠡᠷᠡᠭᠦᠯᠦᠨ ᠬᠡᠷᠡᠭᠯᠡᠬᠦ ᠠᠵᠢᠯ ᠢ ᠴᠢᠩᠭᠠᠳᠬᠠᠬᠤ ᠲᠤᠬᠠᠶ ᠮᠡᠳᠡᠭᠳᠡᠯ︾ ᠎ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠮᠠᠯᠴᠢᠨ ᠲᠠᠷᠢᠶᠠᠴᠢᠨ᠂ ᠵᠠᠯᠠᠭᠤ ᠢᠳᠡᠷ ᠬᠥᠳᠡᠯᠮᠦᠷᠢ ᠬᠦᠴᠦᠨ ᠤ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠬᠡᠷᠡᠭᠯᠡᠭᠡᠨ ᠤ ᠴᠢᠳᠠᠪᠤᠷᠢ ᠶᠢ ᠨᠡᠮᠡᠭᠳᠡᠬᠦᠯᠦᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠮᠠᠯᠵᠢᠬᠤ ᠲᠠᠷᠢᠶᠠᠯᠠᠬᠤ ᠣᠷᠣᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢᠨ ᠲᠦᠯᠦᠭᠡ᠂  ᠣᠶᠢᠷ᠎ᠠ ᠳᠤ ᠲᠠᠶᠢᠹᠤᠰᠧ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠨᠢ ᠵᠠᠯᠠᠭᠤ ᠢᠳᠡᠷ ᠮᠠᠯᠴᠢᠨ ᠲᠠᠷᠢᠶᠠᠴᠢᠨ ᠳᠤ ᠵᠤᠷᠢᠭᠤᠯᠤᠭᠰᠠᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠪᠤᠯᠪᠠᠰᠤᠷᠠᠯ ᠡᠷᠬᠢᠯᠡᠵᠦ 90 ᠭᠠᠷᠤᠶ ᠬᠥᠮᠦᠨ  ᠪᠤᠯᠪᠠᠰᠤᠷᠠᠯ ᠳᠤ ᠣᠷᠣᠯᠴᠠᠵᠡᠢ᠃  ᠪᠣᠯᠪᠠᠰᠤᠷᠠᠯ ᠲᠡᠭᠡᠷ᠎ᠡ᠂  ᠪᠤᠤᠴᠠᠩ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠬᠡᠯᠡ ᠪᠢᠴᠢᠭ ᠤᠨ ᠪᠠᠭᠰᠢ ᠶᠠᠩ ᠯᠢ ᠠᠴᠠ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠬᠠᠤᠯᠢ ᠵᠢᠴᠢ ᠬᠤᠯᠪᠣᠭᠳᠠᠯ ᠪᠦᠬᠦᠢ ᠬᠠᠤᠯᠢ ᠲᠦᠷᠢᠮ᠂ ᠪᠠᠷᠢᠮᠵᠢᠶ᠎ᠠ ᠬᠡᠯᠡ ᠶᠢ ᠲᠦᠭᠡᠮᠡᠯᠵᠢᠭᠦᠯᠬᠦ ᠶᠢᠨ ᠠᠴᠢ ᠬᠤᠯᠪᠣᠭᠳᠠᠯ᠂ ᠪᠠᠷᠢᠮᠵᠢᠶ᠎ᠠ ᠬᠡᠯᠡᠨ ᠤ ᠬᠢᠷᠢ ᠲᠦᠪᠰᠢᠨ ᠢ ᠳᠡᠭᠡᠭᠰᠢᠯᠡᠭᠦᠯᠬᠦ ᠠᠷᠭ᠎ᠠ ᠮᠡᠷᠭᠡᠵᠢᠯ ᠵᠡᠷᠭᠡ ᠣᠯᠠᠨ ᠲᠠᠯ᠎ᠠ ᠶᠢᠨ ᠠᠭᠤᠯᠭ᠎ᠠ ᠰᠡᠳᠦᠪ ᠢᠶᠠᠷ ᠬᠢᠴᠢᠶᠡᠯ ᠤᠷᠤᠭᠰᠠᠨ ᠪᠠᠶᠢᠨ᠎ᠠ᠃  ᠤᠯᠠᠨ ᠢᠶᠠᠷ ᠢᠶᠠᠨ ᠮᠠᠰᠢ ᠤᠷᠮ᠎ᠠ ᠪᠠᠭ᠋ᠠᠳᠠᠢ ᠰᠤᠷᠤᠯᠴᠠᠵᠠᠭᠠᠨ᠂ ᠤᠩᠰᠢᠯᠭ᠎ᠠ ᠶᠢᠨ ᠪᠣᠯᠪᠠᠰᠤᠷᠠᠯ ᠳᠤ ᠢᠳᠡᠪᠬᠢᠲᠡᠶ ᠣᠷᠣᠯᠴᠠᠵᠤ᠂  ᠪᠤᠷᠤᠭᠤ ᠠᠪᠢᠶ᠎ᠠ ᠪᠠᠨ ᠴᠢᠷᠮᠠᠶᠢᠨ ᠵᠠᠯᠠᠷᠠᠭᠤᠯᠤᠭᠠᠳ᠂ ᠮᠠᠰᠢ ᠰᠠᠶᠢᠨ ᠦᠷ᠎ᠡ ᠠᠮᠵᠢᠯᠳᠠ ᠳᠤ ᠬᠦᠷᠦᠭᠰᠡᠨ ᠪᠠᠶᠢᠨ᠎ᠠ᠃  ᠡᠨᠡ ᠤᠳᠠᠭᠠᠨ ᠤ ᠪᠣᠯᠪᠠᠰᠤᠷᠠᠯ ᠨᠢ ᠵᠠᠯᠠᠭᠤ ᠢᠳᠡᠷ ᠮᠠᠯᠴᠢᠨ ᠲᠠᠷᠢᠶᠠᠴᠢᠨ ᠳᠤ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢ ᠨᠠᠩ ᠭᠦᠨᠵᠡᠭᠡᠶ ᠤᠶᠢᠯᠠᠭᠠᠭᠤᠯᠵᠤ᠂ ᠦᠭᠡ ᠬᠡᠯᠡ ᠥᠰᠥᠭ ᠪᠢᠴᠢᠭ ᠤᠨ ᠬᠡᠷᠡᠭᠯᠡᠭᠡᠨ ᠤ ᠴᠢᠳᠠᠪᠤᠷᠢ ᠶᠢ ᠨᠢ ᠵᠣᠬᠢᠬᠤ ᠬᠡᠮᠵᠢᠶ᠎ᠡ ᠪᠠᠷ ᠲᠡᠭᠡᠭᠰᠢᠯᠡᠬᠦᠯᠦᠨ᠂ ᠡᠳᠦᠷ ᠲᠤᠲᠤᠮ ᠤᠨ ᠠᠵᠢᠯ ᠠᠮᠢᠳᠤᠷᠠᠯ ᠤᠨ ᠳᠤᠮᠳᠠ ᠪᠠᠨ ᠨᠡᠶᠢᠲᠡᠯᠢᠭ ᠬᠡᠯᠡ ᠪᠠᠷ ᠶᠠᠷᠢᠵᠤ ᠢᠯᠡᠳᠬᠡᠬᠦ ᠶᠢ ᠲᠠᠶᠢᠴᠢᠯᠠᠭᠠᠳ  ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡᠨ ᠤ ᠬᠡᠷᠡᠭᠯᠡᠭᠡᠨ ᠤ ᠦᠷ᠎ᠡ ᠪᠦᠲᠦᠮᠵᠢ ᠶᠢ ᠨᠡᠮᠡᠭᠳᠡᠬᠦᠯᠦᠭᠰᠡᠨ ᠪᠠᠶᠢᠨ᠎ᠠ᠃
 
ᠢᠷᠡᠯᠲᠡ᠄ ᠲᠠᠶᠢᠹᠤᠰᠧ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号